ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨ ᠰᠢᠨᠵᠢᠯᠠᠨ ᠪᠠᠶᠢᠴᠠᠭᠠᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠵᠢᠴᠢ ᠪᠠᠶᠠᠨᠨᠠᠭᠤᠷ ᠬᠤᠲᠠ ᠳᠤ ᠬᠦᠷᠴᠦ ᠰᠣᠷᠤᠯᠴᠠᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/5/27
      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠷᠴᠢᠭᠤᠯᠭ᠎ᠠ ᠶᠢᠨ ᠲᠥᠪ ᠪᠠ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨ ᠠᠵᠢᠯ ᠤᠨ ᠰᠠᠭᠤᠳᠠᠯ ᠤᠨ ᠬᠤᠷᠠᠯ
 
      2021 ᠣᠨ ᠤ 5 ᠰᠠᠷ᠎ᠠ ᠶᠢᠨ 17      ᠤ ᠡᠳᠦᠷ᠂ ᠬᠥᠯᠦᠨ ᠪᠥᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠠ ᠭᠡᠷ ᠤᠨ ᠳᠡᠳ᠋ ᠡᠷᠬᠢᠯᠡᠭᠴᠢ ᠸᠠᠩ ᠮᠢᠩ ᠷᠦᠢ᠂ ᠣᠷᠴᠢᠭᠤᠯᠭ᠎ᠠ ᠶᠢᠨ ᠰᠠᠯᠠᠭᠠᠨ ᠤ ᠳᠠᠷᠤᠭ᠎ᠠ ᠪᠠᠶ ᠰᠢᠶᠤᠤ ᠮᠧᠶ ᠪᠦᠯᠬᠦᠮ ᠳᠠᠭᠠᠭᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠷᠴᠢᠭᠤᠯᠭ᠎ᠠ ᠶᠢᠨ ᠲᠥᠪ ᠲᠤ ᠬᠦᠷᠴᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠣᠭᠯᠠᠷᠠᠯ ᠢ ᠬᠡᠷᠬᠢᠨ ᠰᠠᠶᠢᠲᠤᠷ ᠬᠢᠬᠦ ᠲᠤᠬᠠᠢ ᠰᠤᠷᠤᠯᠴᠠᠵᠤ ᠰᠢᠨᠵᠢᠯᠡᠨ ᠪᠠᠶᠢᠴᠠᠭᠠᠪᠠ᠃      
     18      ᠤ ᠦᠳᠡ ᠶᠢᠨ ᠡᠮᠦᠨ᠎ᠡ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠦᠪᠦᠷᠮᠤᠩᠭᠤᠯ ᠤᠨ ᠸᠠᠩ ᡁᠢ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠷᠤᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠣᠳᠣᠯᠣᠯ ᠬᠡᠷᠡᠭᠯᠡᠭᠡᠨ ᠤ ᠲᠥᠪ ᠢᠶᠠᠷ ᠭᠦᠨᠵᠡᠭᠡᠶᠢᠷᠡᠨ ᠲᠣᠭᠤᠷᠢᠨ ᠦᠵᠡᠵᠦ ᠰᠤᠷᠤᠯᠴᠠᠪᠠ᠃
     18      ᠤ ᠦᠳᠡ ᠶᠢᠨ ᠬᠤᠶᠢᠨ᠎ᠠ᠂ ᠰᠠᠭᠤᠳᠠᠯ ᠤᠨ ᠬᠤᠷᠠᠯ ᠬᠤᠷᠠᠯᠳᠤᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠷᠴᠢᠭᠤᠯᠭ᠎ᠠ ᠶᠢᠨ ᠲᠥᠪ ᠤᠨ ᠳᠠᠷᠤᠭ᠎ᠠ ᠬᠠᠰᠬᠤᠸᠠᠷ ᠰᠢᠨᠵᠢᠯᠡᠨ ᠪᠠᠶᠢᠴᠠᠭᠠᠵᠤ ᠰᠤᠷᠤᠯᠴᠠᠬᠤ ᠳᠤᠭᠤᠶᠢᠯᠠᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠣᠯ ᠥᠷᠭᠡᠨ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠤᠭᠠᠰᠤ ᠮᠥᠨ᠂ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠢᠨᠠᠮᠠᠭᠠᠶ ᠳ᠋ᠦᠩᠨᠡᠵᠦ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨᠰᠦᠯᠵᠢᠶᠡᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠶ᠃ ᠥᠪᠡᠷᠲᠡᠭᠡᠨ ᠵᠠᠰᠠᠬᠤ ᠣᠷᠣᠨ ᠤ ᠬᠡᠰᠡᠭ ᠲᠢᠩᠬᠢᠮᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠬᠠᠷᠢᠭᠤᠴᠠᠯᠭᠠᠲᠠᠳ᠂ ᠥᠪᠡᠷᠲᠡᠭᠡᠨ ᠵᠠᠰᠠᠬᠤ ᠣᠷᠣᠨ ᠤᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠣᠭᠯᠠᠷᠠᠯ ᠤᠨ ᠮᠡᠷᠭᠡᠵᠢᠯ ᠤᠨ ᠶᠡᠷᠦᠩᠬᠡᠶ ᠵᠥᠪᠯᠡᠭᠴᠢ ᠰᠡᠴᠡᠨᠲᠤᠯᠭᠠᠭᠤᠷᠢ᠂ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨ ᠬᠢᠨ ᠬᠤᠷᠠᠯ ᠳᠤ ᠣᠷᠣᠯᠴᠠᠪᠠ᠃    
   ᠸᠠᠩ ᠮᠢᠩ ᠷᠦᠢ ᠢᠯᠡᠷᠬᠡᠶᠢᠯᠡᠬᠦ ᠳᠡᠭᠡᠨ᠂ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠵᠠᠰᠠᠭ ᠤᠨᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯ ᠢ ᠮᠠᠰᠢᠴᠢᠬᠤᠯᠠᠴᠢᠯᠠᠨ ᠦᠵᠡᠵᠦ ᠪᠠᠶᠢᠨ᠎ᠠ᠂ ᠲᠣᠰ ᠤᠳᠠᠭ᠎ᠠ ᠶᠢᠨ ᠢᠷᠡᠭᠰᠡᠨ ᠭᠤᠤᠯ ᠵᠣᠷᠢᠯᠭ᠎ᠠ ᠪᠣᠯ ᠰᠦᠯᠵᠢᠶᠡᠨ ᠤᠠᠵᠢᠯᠯᠠᠭᠤᠯᠬᠤ ᠬᠠᠮᠢᠶᠠᠷᠤᠯᠲᠠ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠵᠢᠴᠢ ᠰᠦᠯᠵᠢᠶᠡᠨ ᠤ ᠪᠤᠯᠤᠩ ᠤᠨ ᠲᠣᠬᠢᠷᠠᠭᠤᠯᠤᠯᠲᠠ ᠵᠡᠷᠭᠡ ᠲᠠᠯ᠎ᠠ ᠶᠢᠨ ᠲᠡᠷᠢᠭᠦᠨ ᠤᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢᠳᠠᠵᠤ᠂ ᠰᠤᠷᠤᠯᠴᠠᠵᠤ ᠰᠢᠨᠵᠢᠯᠡᠨ ᠪᠠᠶᠢᠴᠠᠭᠠᠬᠤ ᠪᠠᠷ ᠳᠠᠮᠵᠢᠨ ᠬᠥᠯᠦᠨᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠤ ᠠᠵᠢᠯ ᠢ ᠠᠯᠬᠤᠮ ᠴᠢᠨᠠᠭᠰᠢᠳᠠ ᠠᠬᠢᠭᠤᠯᠤᠨ᠎ᠠ ᠭᠡᠵᠡᠢ᠃ ᠪᠠᠶ ᠰᠢᠶᠤᠤ ᠮᠧᠶ ᠬᠥᠯᠦᠨ ᠪᠥᠢᠷ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠠᠵᠢᠯ ᠦᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡᠬᠢᠪᠡ᠃           ︽ᠤᠷᠠᠨ ᠪᠢᠴᠢᠯᠭᠡ ᠶᠢᠨ ᠵᠣᠬᠢᠶᠠᠨ ᠪᠦᠲᠦᠭᠡᠯᠲᠡ︾ ᠭᠤᠣᠯ ᠰᠡᠳᠦᠪᠲᠦ ᠨᠠᠮ ᠤᠨ ᠡᠭᠦᠷ ᠤᠨ ᠠᠵᠢᠯᠯᠠᠭ᠎ᠠ     ᠬᠤᠷᠠᠯ ᠤᠨ ᠳᠠᠷᠠᠭ᠎ᠠ᠂ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯᠬᠡᠯᠡᠨ ᠤ ᠰᠦᠯᠵᠢᠶᠡᠨ ᠴᠤᠭᠯᠠᠷᠠᠯ ᠤᠨ ᠬᠢᠨ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ ᠤᠨᠠᠵᠢᠯᠯᠠᠬᠤ ᠭᠠᠵᠠᠷ ᠲᠤ ᠬᠦᠷᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠪᠠᠶᠢᠳᠠᠯ ᠢ ᠲᠣᠭᠤᠷᠢᠨ ᠦᠵᠡᠵᠦ᠂ ︽ᠤᠷᠠᠨ ᠪᠢᠴᠢᠯᠭᠡ ᠶᠢᠨ ᠵᠣᠬᠢᠶᠠᠨ ᠪᠦᠲᠦᠭᠡᠯᠲᠡ︾ ᠭᠤᠣᠯ ᠰᠡᠳᠦᠪᠲᠦ ᠨᠠᠮ ᠤᠨ ᠡᠭᠦᠷ ᠤᠨ ᠠᠵᠢᠯᠯᠠᠭ᠎ᠠ ᠳᠤ ᠣᠷᠣᠯᠴᠠᠪᠠ᠃ ᠨᠠᠮ ᠤᠨ ᠭᠡᠰᠢᠭᠦᠨ ᠨᠥᠬᠦᠳ ᠳᠠᠭᠠᠭᠤᠯᠤᠨ ᠤᠷ᠎ᠠ ᠠᠪᠢᠶᠠᠰ ᠢᠶᠠᠨ ᠦᠵᠡᠭᠦᠯᠵᠦ᠂ ᠨᠠᠮ ᠪᠠᠶᠢᠭᠤᠯᠤᠭᠳᠠᠭᠰᠠᠨ ᠪᠠᠶᠠᠷ ᠢ ᠬᠠᠮᠲᠤ ᠪᠠᠷ ᠪᠡᠯᠭᠡᠯᠡᠬᠦ᠂ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
     
    ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨᠴᠣᠭᠯᠠᠷᠠᠯ ᠪᠤᠯᠤᠨ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨ ᠰᠠᠭᠤᠳᠠᠯ ᠤᠨ ᠬᠤᠷᠠᠯ
       2021 ᠣᠨ ᠤ 5 ᠰᠠᠷ᠎ᠠ ᠶᠢᠨ 19 — 20     ᠤ ᠡᠳᠦᠷ᠂ ᠬᠥᠯᠦᠨ ᠪᠥᠢᠷ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨ ᠰᠢᠨᠵᠢᠯᠠᠨ ᠪᠠᠶᠢᠴᠠᠭᠠᠬᠤ ᠳᠤᠭᠤᠶᠢᠯᠠᠩ ᠪᠠᠶᠠᠨᠨᠠᠭᠤᠷ ᠬᠤᠳᠠ ᠳᠤ ᠬᠦᠷᠴᠦ ᠰᠤᠷᠤᠯᠴᠠᠵᠤ ᠰᠢᠨᠵᠢᠯᠡᠨ ᠪᠠᠶᠢᠴᠠᠭᠠᠪᠠ᠃ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠠᠯᠪᠡᠠ ᠭᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠮᠠᠨᠳᠤᠯ᠎ᠠ ᠪᠠᠶᠠᠨᠨᠠᠭᠤᠷᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠣᠭᠯᠠᠷᠠᠯ ᠪᠤᠯᠤᠨ ᠬᠥᠯᠦᠨ ᠪᠥᠢᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠴᠤᠭᠯᠠᠷᠠᠯ ᠤᠨᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠡᠴᠡᠨᠲᠤᠯᠭᠠᠭᠤᠷᠢ᠂ ᠸᠠᠩ ᠮᠢᠩ ᠷᠦᠢ᠂ ᠪᠠᠶ ᠰᠢᠶᠤᠤ ᠮᠧᠶ᠂ ᠤᠷᠢᠶ᠎ᠠ ᠵᠢᠴᠢ ᠬᠥᠯᠦᠨ ᠪᠥᠢᠷ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠰᠦᠯᠵᠢᠶᠠᠨ ᠤᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
     
   ᠰᠠᠯᠠᠭᠠᠨ ᠳᠠᠷᠤᠭ᠎ᠠ ᠤᠷᠢᠶ᠎ᠠ PPT ᠪᠠᠷ ᠳᠠᠮᠵᠢᠭᠤᠯᠤᠨ ᠪᠠᠶᠠᠨᠨᠠᠭᠤᠷ ᠬᠤᠳᠠ ᠶᠢᠨ ᠮᠣᠩᠭᠤᠯ ᠬᠡᠯᠡᠨ ᠤᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠪᠢᠴᠢᠭ ᠮᠠᠲ᠋ᠧᠷᠢᠶᠠᠯ ᠤᠨᠵᠠᠳᠠᠯᠤᠯᠲᠠ᠂ ᠲᠡᠰ ᠳᠡᠪᠰᠢᠭᠦᠯᠬᠦ ᠥᠭᠡᠷᠡᠴᠢᠯᠡᠯᠲᠡ᠂ ᠰᠢᠨ᠎ᠡ ᠵᠠᠭᠤᠴᠢᠯᠠᠭᠤᠷ ᠤᠨ ᠠᠵᠢᠯᠯᠠᠭᠤᠯᠬᠤ ᠬᠠᠮᠢᠶᠠᠷᠤᠯᠲᠠ᠂ᠬᠤᠰᠢᠭᠤ ᠰᠢᠶᠠᠨ ᠲᠣᠭᠤᠷᠢᠭ ᠤᠨ ᠰᠦᠯᠵᠢᠶᠡᠨ ᠤ ᠪᠠᠶᠢᠭᠤᠯᠤᠯᠲᠠ ᠶᠢ ᠳᠡᠯᠭᠡᠷᠡᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠪᠡ᠃         ᠸᠠᠩ ᠮᠢᠩ ᠷᠦᠢ ᠢᠯᠡᠷᠬᠡᠶᠢᠯᠡᠬᠦ ᠳᠡᠭᠡᠨ᠂ ᠪᠠᠶᠠᠨᠨᠠᠭᠤᠷ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨᠰᠦᠯᠵᠢᠶᠡᠨ ᠤ ᠠᠵᠢᠯ ᠢ ᠮᠠᠰᠢ ᠰᠠᠶᠢᠨ ᠥᠷᠨᠢᠭᠦᠯᠵᠦ ᠪᠠᠶᠢᠬᠤ ᠲᠤᠯᠠ ᠲᠤᠰᠬᠠᠶᠢᠯᠠᠨ ᠡᠩᠨᠡᠭᠡ ᠪᠠᠨ ᠵᠣᠬᠢᠶᠠᠨᠪᠠᠶᠢᠭᠤᠯᠵᠤ ᠰᠤᠷᠤᠯᠴᠠᠬᠤ ᠪᠠᠷ ᠢᠷᠡᠯ᠎ᠡ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯ ᠢᠦᠷᠭᠦᠯᠵᠢᠯᠡᠨ ᠠᠬᠢᠭᠤᠯᠵᠤ᠂ ᠬᠠᠮᠲᠤ ᠪᠠᠷ ᠰᠤᠷᠤᠯᠴᠠᠵᠤ᠂ ᠬᠠᠮᠲᠤ ᠪᠠᠷ ᠳᠡᠪᠰᠢᠨ᠎ᠡ ᠭᠡᠵᠡᠢ᠃ ᠪᠠᠶ ᠰᠢᠶᠤᠤ ᠮᠧᠶᠬᠥᠯᠦᠨ ᠪᠥᠢᠷ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠦᠨᠳᠦᠰᠦᠨ  ᠪᠠᠶᠢᠳᠠᠯ ᠢ ᠲᠥᠬᠦᠮ ᠲᠠᠨᠢᠯᠴᠠᠭᠤᠯᠬᠤ ᠶᠢᠨ ᠬᠠᠮᠲᠤ ᠬᠥᠯᠦᠨ ᠪᠥᠢᠷ ᠬᠤᠲᠠ ᠶᠢᠨ ᠰᠦᠯᠵᠢᠶᠡᠨ ᠤ ᠡᠷᠴᠢᠮᠵᠢᠭᠦᠯᠬᠦ ᠪᠠᠶᠢᠭᠤᠯᠤᠯᠲᠠ ᠲᠤᠯᠭᠠᠮ᠎ᠠ ᠱᠠᠭᠠᠷᠳᠠᠭᠳᠠᠵᠤ ᠪᠠᠶᠢᠭ᠎ᠠ ᠪᠣᠯᠬᠤᠷ ᠰᠦᠯᠵᠢᠶ᠎ᠡ ᠪᠠᠨ ᠲᠠᠰ ᠳᠡᠪᠰᠢᠭᠦᠯᠬᠦ ᠪᠠᠷ ᠢᠳᠡᠪᠬᠢᠲᠡᠶ ᠴᠢᠷᠮᠠᠶᠢᠵᠤ᠂ ᠠᠬ᠎ᠠ ᠳᠡᠭᠦᠤ ᠠᠶᠢᠮᠠᠭ ᠬᠤᠲᠠ ᠯᠤᠭ᠎ᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠵᠢᠯ ᠢ ᠰᠠᠶᠢᠲᠤᠷ ᠬᠢᠨ᠎ᠡ ᠭᠡᠵᠡᠢ᠃
   
   ᠬᠤᠷᠠᠯ ᠳᠡᠭᠡᠷ᠎ᠡ ᠣᠯᠠᠨ ᠢᠶᠠᠷ ᠢᠶᠠᠨ᠂ ᠲᠤᠰ ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠪᠠᠷᠳᠡᠮᠵᠢᠨ ᠰᠦᠯᠵᠢᠶᠡᠨ ᠤ ᠠᠵᠢᠯᠯᠠᠭᠤᠯᠬᠤ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠣᠶᠢᠯᠠᠭᠠᠯᠲᠠ ᠲᠠᠢ ᠪᠤᠯᠪᠠ︔ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷ ᠵᠢᠯᠣᠭᠤᠳᠣᠯᠭ᠎ᠠ ᠪᠣᠯᠭᠠᠵᠤ᠂ ᠪᠠᠬᠢᠯᠡᠯᠲᠡ ᠶᠢᠨ ᠪᠥᠲᠥᠭᠡᠨᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠶᠠᠰᠤ ᠴᠢᠨᠠᠷ ᠪᠦᠬᠦᠯᠢ ᠴᠣᠭᠴᠠ ᠶᠢᠨ ᠬᠢᠷᠢ ᠲᠦᠪᠰᠢᠨ ᠢ ᠤᠯᠠᠮᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠨᠠᠶᠢᠳᠠᠪᠤᠷᠢᠲᠠᠶ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠦᠢᠯᠡᠴᠢᠯᠡᠨ᠎ᠡ ᠭᠡᠵᠦ ᠪᠠᠶᠢᠯ᠎ᠠ᠃    
   ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨᠤᠰᠤᠨ ᠠᠰᠢᠭᠯᠠᠯᠲᠠ ᠶᠢᠨ ᠰᠤᠶᠤᠯ ᠤᠨ ᠮᠦᠽᠧᠢ᠂ ︽ᠲᠡᠭᠷᠢ ᠶᠢᠨ ᠬᠡᠰᠢᠭᠲᠦ ᠪᠤᠷᠤᠲᠤᠬᠤᠢ︾ ᠶᠢᠨ ᠶᠡᠷᠦᠩᠬᠡᠢᠰᠠᠭᠤᠷᠢᠨ ᠭᠠᠵᠠᠷ ᠵᠡᠷᠭᠡ ᠪᠠᠷ ᠭᠦᠨᠵᠡᠭᠡᠶᠢᠷᠡᠨ ᠲᠣᠭᠤᠷᠢᠨ ᠦᠵᠡᠪᠡ᠃    
 
ᠢᠷᠡᠯᠲᠡ᠄ ᠬᠦᠯᠦᠨ ᠪᠣᠶᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号