ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠨᠠᠭᠰᠢᠳᠠ | ᠠᠬᠢᠭᠤᠯᠬᠤ ᠶᠢᠨ ᠲᠥᠯᠥᠭᠡ᠂ 6 ᠰᠠᠷ᠎ᠠ ᠶᠢᠨ 8 ᠤ ᠡᠳᠦᠷ᠂ ᠳ᠋ᠠ ᠾᠧ ᠸᠠᠨ ᠪᠠᠯᠭᠠᠰᠤ ᠶᠢᠨ ᠬᠢᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠤᠪᠢᠰᠬᠠᠯ ᠤᠨ | ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ ᠵᠢᠴᠢ ᠡᠯ᠎ᠡ ᠲᠣᠰᠬᠤᠨ᠂ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ᠂ ᠳᠡᠳ᠋ ᠱᠦᠵᠢ ᠵᠡᠷᠭᠡ ᠬᠥᠮᠦᠰ ᠠᠵᠢᠯᠯᠠᠭ᠎ᠠ ᠳᠤ ᠣᠷᠣᠯᠴᠠᠪᠠ᠃ | | ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠳ ᠡᠩ ᠲᠡᠷᠢᠭᠦᠨ ᠳᠤ ᠤᠯᠠᠭᠠᠨᠬᠦᠦ ᠨᠥᠬᠦᠷ ᠤᠨ ᠳᠤᠷᠠᠰᠬᠠᠯ ᠤᠨ | ᠣᠷᠳᠣᠨ ᠳᠤ ᠬᠦᠷᠪᠡ᠃ ᠲᠠᠶᠢᠯᠪᠤᠷᠢᠯᠠᠭᠴᠢ ᠶᠢᠨ ᠲᠠᠶᠢᠯᠤᠮᠵᠢ ᠪᠠᠷ᠂ ᠤᠯᠠᠭᠠᠨᠬᠦᠦ ᠨᠥᠬᠦᠷ ᠤᠨ ᠬᠡᠷᠡᠭᠯᠡᠵᠦ | ᠥᠩᠭᠡᠷᠡᠭᠰᠡᠨ ᠠᠮᠢᠳᠤᠷᠠᠯ ᠤᠨ ᠬᠡᠷᠡᠭᠰᠡᠯ᠂ ᠲᠡᠦᠬᠡ ᠶᠢᠨ ᠪᠣᠳᠠᠲᠤ ᠬᠡᠷᠡᠭ ᠢ ᠲᠡᠮᠳᠡᠭᠯᠡᠭᠰᠡᠨ ᠡᠯ᠎ᠡ ᠵᠦᠢᠯ ᠤᠨ ᠨᠣᠮ | ᠪᠢᠴᠢᠭ ᠵᠢᠴᠢ ᠡᠯ᠎ᠡ ᠵᠦᠢᠯ ᠤᠨ ᠭᠡᠷᠡᠯ ᠵᠢᠷᠤᠭ ᠤᠨ ᠮᠠᠲ᠋ᠧᠷᠢᠶᠠᠯ ᠢ ᠲᠣᠭᠤᠷᠢᠨ ᠦᠵᠡᠵᠦ᠂ ᠤᠯᠠᠭᠠᠨᠬᠦᠦ ᠨᠥᠬᠦᠷ ᠤᠨ | ᠬᠤᠪᠢᠰᠬᠠᠯ ᠳᠤ ᠢᠳᠡᠪᠬᠢᠲᠡᠢ ᠣᠷᠣᠯᠴᠠᠭᠰᠠᠨ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢ ᠭᠦᠨᠵᠡᠭᠡᠢ ᠣᠶᠢᠯᠠᠭᠠᠵᠤ | ᠂ ᠲᠡᠷᠡᠬᠦ ᠰᠦᠷ ᠳᠠᠯᠠᠶᠢᠴᠠᠲᠠᠢ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠤᠯᠠᠭᠠᠨᠬᠦᠦ ᠨᠥᠬᠦᠷ ᠤᠨ | ᠦᠨᠳᠦᠰᠦᠲᠡᠨ ᠤ ᠪᠦᠯᠬᠦᠮᠳᠡᠯ ᠰᠡᠷᠭᠦᠨ ᠮᠠᠨᠳᠤᠯᠲᠠ ᠪᠠ ᠡᠬᠡ ᠤᠯᠤᠰ ᠤᠨ ᠨᠢᠭᠡᠳᠦᠯ ᠴᠡᠴᠡᠭᠯᠡᠯ ᠬᠥᠭᠵᠢᠯ ᠳᠤ | ᠪᠠᠶᠢᠭᠤᠯᠤᠭᠰᠠᠨ ᠭᠠᠷᠮᠠᠭᠠᠢ ᠭᠠᠪᠢᠶ᠎ᠠ ᠵᠢᠳᠬᠦᠯ ᠢ ᠪᠦᠬᠦ ᠲᠠᠯ᠎ᠠ ᠪᠠᠷ ᠣᠶᠢᠯᠠᠭᠠᠪᠠ᠃ ᠠᠯᠢ ᠤᠯᠠᠨ ᠦᠨᠡᠨ ᠪᠣᠳᠠᠲᠠᠢ | ᠦᠵᠡᠭᠳᠡᠯ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠬᠤᠪᠢᠰᠬᠠᠯ ᠤᠨ ᠦᠵᠡᠭᠳᠡᠯ ᠤᠳ ᠨᠢ ᠲᠤᠬᠠᠢ ᠶᠢᠨ | ᠲᠠᠯᠠᠪᠠᠢ ᠶᠢᠨ ᠨᠠᠮ ᠤᠨ ᠭᠡᠰᠢᠭᠦᠨ ᠺᠠᠳ᠋ᠷᠴᠤᠳ ᠲᠤ ᠨᠢᠭᠡ ᠣᠳᠠᠭᠠᠨ ᠤ ᠤᠶᠤᠨ ᠰᠠᠨᠠᠭᠠᠨ ᠤ ᠤᠬᠢᠶᠠᠯ ᠪᠠ | ᠳᠡᠭᠡᠭᠰᠢᠯᠡᠯᠲᠡ ᠶᠢ ᠬᠦᠷᠲᠡᠭᠡᠵᠦ᠂ ᠤᠯᠠᠨ ᠳᠤ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ | ᠬᠦᠷᠲᠡᠭᠡᠵᠡᠢ᠃ ᠲᠣᠭᠤᠷᠢᠨ ᠦᠵᠡᠵᠦ ᠰᠤᠷᠤᠯᠴᠠᠵᠤ ᠳᠠᠭᠤᠰᠤᠭᠰᠠᠨ ᠤ ᠲᠠᠷᠠᠭ᠎ᠠ᠂ ᠪᠦᠬᠦ ᠨᠠᠮ ᠤᠨ ᠭᠡᠰᠢᠭᠦᠨ | ᠺᠠᠳ᠋ᠷᠴᠤᠳ ᠭᠠᠯ ᠤᠯᠠᠭᠠᠨ ᠨᠠᠮ ᠤᠨ ᠲᠤᠭ ᠵᠦᠭ ᠬᠠᠨᠳᠤᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ | ᠲᠠᠬᠢᠨ ᠣᠩᠰᠢᠵᠣ᠂ ᠲᠥᠪ ᠴᠢᠩᠭ᠎ᠠ ᠪᠠᠷ ᠲᠠᠩᠭᠠᠷᠢᠭᠯᠠᠪᠠ᠃ | | ᠡᠨᠡ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠲᠠᠮᠵᠢᠨ᠂ ᠡᠨᠡ ᠪᠣᠯ ᠨᠢᠭᠡ | ᠤᠳᠠᠭ᠎ᠠ ᠶᠢᠨ ᠮᠠᠰᠢ ᠶᠡᠭᠡ ᠰᠤᠷᠭᠠᠨ ᠬᠦᠮᠦᠵᠢᠯ ᠤᠨ ᠠᠴᠢ ᠬᠤᠯᠪᠣᠭᠳᠠᠯ ᠲᠠᠢ ᠬᠤᠪᠢᠰᠬᠠᠯ ᠤᠨ ᠠᠶᠠᠯᠠᠯ ᠪᠣᠯᠤᠨ᠎ᠠ | ᠭᠡᠵᠦ ᠢᠯᠡᠳᠭᠡᠵᠡᠭᠡᠪᠡ᠂ ᠨᠢᠭᠡ ᠤᠳᠠᠭ᠎ᠠ ᠶᠢᠨ ᠭᠦᠨ ᠭᠦᠨᠵᠡᠭᠡᠢ ᠦᠵᠡᠯ ᠰᠠᠨᠠᠭᠠᠨ ᠤ ᠤᠬᠢᠶᠠᠯ ᠪᠠ ᠤᠶᠤᠨ | ᠰᠠᠨᠠᠭᠠᠨ ᠤ ᠵᠣᠷᠢᠭᠵᠢᠭᠤᠯᠤᠯ ᠶᠣᠮ᠂ ᠠᠳᠠᠯᠢ ᠪᠤᠰᠤ ᠲᠠᠯ᠎ᠠ ᠠᠴᠠ ᠨᠠᠮ ᠤᠨ ᠭᠡᠷᠡᠯ ᠰᠠᠴᠤᠷᠠᠩᠭᠤᠢ ᠲᠡᠦᠬᠡ ᠶᠢ | ᠰᠤᠷᠤᠯᠴᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠶᠠᠭᠤᠨ ᠠᠴᠠ ᠴᠤ ᠠᠶᠤᠬᠤ ᠦᠭᠡᠢ ᠲᠡᠮᠡᠴᠡᠯ ᠤᠨ | ᠵᠣᠷᠢᠭ ᠰᠠᠨᠠᠭ᠎ᠠ ᠠᠴᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ | ᠰᠢᠩᠭᠡᠭᠡᠨ ᠠᠪᠴᠠᠢ ᠭᠡᠪᠡ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠠ ᠠᠬᠠᠮᠠᠳ ᠦᠶ᠎ᠡ ᠶᠢᠨ ᠦᠷᠡᠭᠳᠡᠭᠰᠡᠨ | ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠰᠢᠨ᠎ᠡ ᠠᠶᠠᠨ ᠵᠠᠮ᠂ ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠬᠤ ᠴᠤᠭ ᠰᠦᠯᠳᠡ ᠪᠠᠨ ᠦᠷᠭᠦᠯᠵᠢᠯᠡᠨ ᠪᠠᠳᠠᠷᠠᠭᠤᠯᠵᠤ᠂ ᠲᠡᠦᠬᠡ ᠰᠤᠷᠴᠤ ᠶᠣᠰᠣ ᠤᠴᠢᠷ ᠢ ᠮᠡᠳᠡᠬᠦ᠂ | ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ | ᠰᠤᠷᠴᠤ ᠦᠢᠯᠡᠳᠦᠯᠭᠡᠵᠢᠭᠦᠯᠬᠦ ᠶᠢ ᠪᠡᠶᠡᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ ᠭᠡᠵᠡᠢ᠃ |