ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠴᠢᠰᠤ ᠦᠢᠯᠡᠳᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠪᠠ ᠦᠨ᠎ᠡ ᠲᠥᠯᠥᠪᠦᠷᠢ ᠥᠬᠡᠶ ᠪᠠᠷ ᠴᠢᠰᠤ ᠥᠭᠬᠦ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/6/10
      6 ᠰᠠᠷ᠎ᠠ ᠶᠢᠨ 9      ᠤ ᠡᠳᠦᠷ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠣᠯᠤᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠢᠰᠤ  ᠦᠢᠯᠡᠳᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠪᠠ ᠦᠨ᠎ᠡ ᠲᠥᠯᠥᠪᠦᠷᠢ ᠥᠬᠡᠶ ᠪᠠᠷ ᠴᠢᠰᠤ ᠥᠭᠬᠦ ᠠᠵᠢᠯᠯᠠᠭ᠎ᠠ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ  ᠶᠢᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ︽ᠬᠠᠶᠢᠷ᠎ᠠ︾ ᠬᠠᠨᠳᠢᠪᠯᠠᠪᠠ᠃          ᠠᠵᠢᠯᠯᠠᠭ᠎ᠠ ᠶᠢᠨ ᠳᠤᠮᠳᠠ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠵᠢᠴᠢ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢᠨ ᠬᠢᠨ ᠢᠳᠡᠪᠬᠢᠲᠡᠶ ᠪᠠᠷ  ᠬᠦᠷᠦᠯᠴᠡᠨ ᠣᠷᠣᠯᠴᠠᠵᠤ᠂ ᠪᠦᠬᠦ᠋ᠢᠯᠡ ᠶᠠᠪᠤᠴᠠ ᠳᠤ ᠡᠶ᠎ᠡ ᠵᠣᠬᠢᠴᠠᠯ ᠂ ᠡᠮᠬᠢ ᠳᠢᠭᠯᠢᠮ ᠲᠠᠢ ᠪᠠᠶᠢᠯ᠎ᠠ᠃ ᠴᠢᠰᠤ ᠪᠦᠲᠦᠭᠡᠬᠦ ᠭᠤᠣᠯ ᠡᠰ ᠤᠨ ᠴᠢᠰᠤᠨ ᠤ ᠦᠯᠢᠭᠡᠷ ᠠᠪᠬᠤ ᠪᠠ ᠦᠨ᠎ᠡ ᠲᠥᠯᠥᠪᠦᠷᠢ ᠦᠭᠡᠶ ᠪᠠᠷ ᠴᠢᠰᠤ ᠥᠭᠬᠦ ᠬᠥᠮᠦᠰ  ᠡᠮᠴᠢ ᠰᠤᠪᠢᠯᠠᠭᠴᠢ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ ᠳᠤᠮᠳᠠᠳᠤ ᠤᠯᠤᠰ ᠤᠨ ᠴᠢᠰᠤ  ᠦᠢᠯᠡᠳᠬᠦ ᠭᠤᠤᠯ ᠡᠰ ᠤᠨ ᠬᠠᠨᠳᠢᠪᠯᠠᠭᠴᠢ ᠶᠢᠨ ᠮᠠᠲ᠋ᠧᠷᠢᠶᠠᠯ ᠤᠨ ᠬᠥᠮᠥᠷᠭᠡ᠂ ᠳᠤᠮᠳᠠᠳᠤ ᠶᠢᠨ ᠴᠢᠮᠥᠭᠡᠨ ᠬᠥᠮᠥᠷᠭᠡ ᠶᠢᠨ ᠬᠥᠮᠥᠷᠭᠡ ᠳᠤ ᠣᠷᠣᠭᠤᠯᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠳᠡᠩᠰᠡᠯᠡᠯᠲᠡ ᠶᠢᠨ ᠬᠦᠰᠦᠨᠦᠭᠲᠦ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠳᠡᠩᠰᠡᠯᠡᠯᠲᠡ ᠶᠢᠨ ᠬᠦᠰᠦᠨᠦᠭᠲᠦ ᠪᠣᠯᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠠᠮᠢᠶ᠎ᠠ ᠪᠥᠬᠦᠶ ᠡᠷᠡᠭᠦᠯ ᠮᠡᠨᠳᠦ ᠶᠢᠨ ᠪᠠᠶᠢᠳᠠᠯ ᠤᠨ ᠠᠰᠠᠭᠤᠨ ᠯᠠᠪᠯᠠᠬᠤ ᠬᠦᠰᠦᠨᠦᠭᠲᠦ ᠵᠡᠷᠭᠡ ᠶᠢ ᠲᠠᠭᠯᠠᠵᠤ᠂ ᠡᠮᠴᠢ ᠰᠤᠪᠢᠯᠠᠭᠴᠢ ᠠᠴᠠ ᠴᠢᠰᠤ  ᠦᠢᠯᠡᠳᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠪᠠ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠳᠤ ᠣᠷᠣᠯᠴᠠᠬᠤ ᠳᠤ ᠴᠢᠰᠤ ᠰᠣᠷᠣᠭᠤᠯᠬᠤ ᠪᠠᠶᠢᠴᠠᠭᠠᠯᠲᠠ ᠬᠢᠵᠦ᠂ ᠴᠢᠩᠭ᠎ᠠ ᠨᠢᠮᠪᠠᠶ ᠰᠢᠭᠰᠢᠨ ᠪᠠᠶᠢᠴᠠᠭᠠᠵᠠᠢ᠃ ᠴᠢᠰᠤ ᠥᠭᠴᠦ ᠪᠠᠷᠠᠭᠰᠠᠨ ᠤ ᠳᠠᠷᠠᠭ᠎ᠠ᠂ ᠡᠮᠴᠢ ᠰᠤᠪᠢᠯᠠᠭᠴᠢ ᠠᠴᠠ ᠦᠨ᠎ᠡ ᠲᠥᠯᠥᠪᠦᠷᠢ ᠦᠭᠡᠢ ᠪᠠᠷ ᠴᠢᠰᠤ ᠥᠭᠭᠦᠭᠰᠡᠳ ᠲᠤ ᠦᠨᠢᠶᠡᠨ ᠰᠦ᠂ ᠰᠢᠬᠢᠷ ᠪᠠ ᠵᠢᠵᠢᠭ ᠲᠠᠯᠬ᠎ᠠ ᠪᠡᠯᠡᠳᠬᠡᠵᠦ ᠥᠭᠭᠦᠭᠰᠡᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃          ᠲ᠊‍ᠤᠬᠠᠶ ᠶᠢᠨ ᠡᠳᠦᠷ ᠲᠤ ᠨᠡᠶᠢᠲᠡ 26 ᠬᠥᠮᠦᠨ ᠤᠨ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠢ ᠠᠪᠴᠤ᠂ 40 ᠬᠥᠮᠦᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ᠂ ᠨᠡᠶᠢᠲᠡ 12000 ᠮᠢᠯᠢᠯᠢᠲᠷ ᠴᠢᠰᠤ ᠬᠠᠨᠳᠢᠪᠯᠠᠭᠰᠠᠨ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠤᠨ ᠦᠵᠡᠬᠦ ᠪᠠᠷ᠂ ᠠᠯᠪᠠᠨ ᠵᠢᠷᠤᠮ ᠤᠨ ᠴᠢᠰᠤ ᠬᠠᠨᠳᠢᠪᠯᠠᠬᠤ ᠪᠣᠯ ᠨᠢᠭᠡ ᠵᠦᠢᠯ ᠤᠨ ᠠᠵᠢᠯᠯᠠᠭ᠎ᠠ ᠮᠥᠨ᠂ ᠪᠠᠰᠠ ᠴᠤ ᠨᠢᠭᠡ ᠵᠦᠢᠯ ᠤᠨ ᠣᠶᠤᠨ ᠰᠠᠨᠠᠭᠠᠨ ᠤ ᠤᠷᠢᠶᠠᠯᠠᠯ ᠮᠥᠨ᠂ ᠨᠢᠭᠡ ᠵᠦᠢᠯ ᠤᠨ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠮᠥᠨ᠂ ᠪᠠᠰᠠ ᠴᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠭᠰᠠᠨ ᠤ ᠬᠤᠪᠢ ᠳᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠷᠠᠮ ᠦᠭᠡᠶ ᠵᠣᠷᠢᠭᠤᠯᠬᠤ ᠶᠢᠨ ᠴᠢᠬᠤᠯᠠ ᠢᠯᠡᠷᠡᠯ ᠮᠥᠨ  ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号