ᠨᠠᠨᠮᠤ ᠣᠷᠴᠣᠨ ᠤ ᠦᠨᠳᠦᠰᠦᠲᠡᠨ ᠤ ᠰᠢᠶᠠᠩ ᠤᠨ ᠳ᠋ᠠ ᠰᠢᠩ ᠲᠣᠰᠬᠤᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ  ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/15
      ᠳ᠋ᠠᠰᠢᠩ ᠲᠣᠰᠬᠤᠨ ᠤ  ᠰᠠᠭᠤᠭᠠᠯᠢ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠬᠦ ᠨᠤᠷᠮ᠎ᠠ ᠶᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠬᠢᠵᠠᠭᠠᠷᠯᠠᠬᠤ ᠶᠢ ᠴᠢᠩᠭᠠᠳᠬᠠᠬᠤ ᠶᠢᠨ ᠲᠥᠯᠥᠭᠡ᠂ ᠳ᠋ᠠᠰᠢᠩ ᠲᠣᠰᠬᠤᠨ ᠤ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠲᠣᠰᠬᠤᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃            ᠠ᠊‍ᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠲᠣᠰᠬᠤᠨ ᠤ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠭᠤᠣᠯ ᠪᠣᠯᠬᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠲᠣᠰᠬᠤᠨ ᠤ ᠠᠷᠠᠳ ᠲᠤ ᠬᠤᠯᠤᠭᠠᠨ᠎ᠠ ᠶᠢᠨ ᠡᠮ ᠢ ᠦᠨ᠎ᠡ ᠲᠥᠯᠥᠪᠦᠷᠢ ᠦᠭᠡᠢ ᠪᠠᠷ ᠲᠦᠭᠡᠭᠡᠵᠦ᠂ ᠬᠤᠯᠤᠭᠠᠨ᠎ᠠ ᠶᠢᠨ ᠬᠤᠣᠷ ᠬᠥᠨᠥᠭᠡᠯ ᠵᠢᠴᠢ ᠡᠮ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ  ᠶᠠᠷᠢᠵᠤ ᠦᠭᠴᠦ᠂ ᠠᠮᠤᠷ ᠲᠦᠪᠰᠢᠨ ᠢᠶᠠᠷ ᠬᠤᠯᠤᠭᠠᠨ᠎ᠠ ᠶᠢ ᠤᠰᠠᠳᠬᠠᠬᠤ ᠤᠬᠠᠭᠤᠯᠭ᠎ᠠ ᠶᠢ ᠬᠢᠪᠡ᠃          ᠲᠣᠰ ᠤᠳᠠᠭᠠᠨ ᠤ ᠠᠵᠢᠯᠯᠠᠭ᠎ᠠ ᠨᠢ ᠡᠮ ᠤᠨ ᠵᠦᠢᠯ ᠲᠠᠷᠬᠠᠭᠠᠬᠤ ᠪᠠᠷ ᠳᠠᠮᠵᠢᠭᠤᠯᠤᠨ ᠬᠤᠯᠤᠭᠠᠨ᠎ᠠ ᠶᠢᠨ ᠲᠥᠷᠥᠯ ᠤᠨ ᠲᠠᠷᠬᠠᠯᠲᠠ ᠶᠢ ᠬᠤᠷᠢᠭᠯᠠᠵᠤ᠂ ᠡᠪᠡᠳᠴᠢᠨ ᠡᠮᠭᠡᠭ ᠤᠨ ᠡᠬᠢ ᠡᠭᠦᠰᠦᠯ ᠢ ᠦᠨᠡᠨ ᠬᠦ ᠬᠢᠵᠠᠭᠠᠷᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠣᠯᠤᠨ ᠡᠷᠡᠭᠦᠯ ᠮᠡᠨᠳᠦ ᠶᠢ ᠪᠠᠲᠤᠯᠠᠵᠤ᠂ ᠲᠣᠰᠬᠤᠨ ᠤ ᠠᠷᠠᠳ ᠢ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ ᠳ᠋ᠠ ᠰᠢᠩ ᠲᠣᠰᠬᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠪᠠ  ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号