ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ 2021 ᠣᠨ ᠤ ᠤᠰᠤᠨ ᠴᠥᠭᠦᠷᠥᠮ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠠ
ᠨᠡᠶᠢᠲᠡᠯᠡᠭᠰᠡᠨ ᠴᠠᠭ᠄
2021/6/15
     ᠦᠶᠡᠷ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢᠨ ᠲᠦᠷᠭᠡᠨ ᠲᠤᠰᠬᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠤᠰᠤᠨ ᠴᠥᠭᠦᠷᠥᠮ ᠤᠨ ᠠᠮᠤᠷ ᠲᠦᠪᠰᠢᠨ ᠢᠶᠠᠷ  ᠦᠶᠡᠷ ᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂  ᠸᠧ ᠨᠢᠤ ᠾᠧ ᠪᠠᠯᠭᠠᠰᠤ ᠶᠢᠨ ᠵᠠᠰᠠᠭ ᠤᠨ ᠣᠷᠳᠣᠨ᠂ ᠶᠠᠩ ᠴᠢ ᠱᠠᠨ ᠤᠰᠤᠨ ᠠᠰᠢᠭᠯᠠᠯᠲᠠ ᠶᠢᠨ  ᠬᠦᠢᠰᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠡ ᠲᠠᠢ ᠬᠠᠮᠲᠤᠷᠠᠨ ᠤᠰᠤᠨ ᠴᠥᠭᠦᠷᠥᠮ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠶᠠᠪᠤᠭᠳᠠᠭᠤᠯᠪᠠ᠃      ᠲᠣᠰ ᠤᠳᠠᠭᠠᠨ ᠤ ᠰᠣᠷᠢᠯᠲᠠ ᠳᠤ ᠭᠤᠤᠯᠳᠠᠭᠤ ᠬᠤᠰᠢᠭᠤᠴᠢ ᠣᠩᠭᠤᠴᠠ ᠶᠢᠨ ᠳᠠᠭᠤᠷᠢᠶᠠᠮᠠᠯ ᠠᠪᠤᠷᠠᠨ ᠲᠤᠰᠠᠯᠠᠯᠲᠠ᠂ ᠬᠠᠰᠢᠯᠭ᠎ᠠ ᠳᠠᠯᠠᠩ ᠪᠤᠶᠤ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠷᠤ ᠳᠠᠬᠢ ᠤᠰᠤᠨ ᠬᠥᠲᠥᠯ ᠤᠨ ᠬᠤᠭᠤᠯᠠᠶ ᠣᠷᠭᠢᠯᠬᠤ᠂ ᠤᠰᠤ  ᠨᠡᠪᠴᠢᠬᠦ ᠭᠤᠯᠭᠤᠯᠲᠠ ᠶᠢᠨ ᠠᠶᠤᠯ ᠠᠴᠠ ᠠᠪᠤᠷᠬᠠᠤ᠂ ᠬᠠᠰᠢᠯᠭ᠎ᠠ ᠳᠠᠯᠠᠩ ᠪᠤᠶᠤ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠪᠢᠯᠬᠠᠬᠤ ᠶᠢ ᠰᠡᠷᠭᠡᠶᠢᠯᠡᠵᠦ ᠵᠠᠪᠳᠤᠨ ᠬᠠᠮᠠᠭᠠᠯᠠᠬᠤ᠂ ᠬᠠᠰᠢᠯᠭ᠎ᠠ ᠶᠢᠨ ᠡᠷᠭᠢ ᠶᠢ ᠱᠠᠭᠠᠯᠵᠤ ᠨᠤᠷᠠᠨ ᠠᠶᠤᠯ ᠠᠴᠠ ᠠᠪᠤᠷᠬᠠᠤ᠂ ᠬᠤᠲᠠ ᠶᠢᠨ ᠤᠰᠤᠲᠤᠯ ᠤᠨ ᠤᠰᠤᠨ ᠬᠥᠭᠡᠷᠭᠡ ᠶᠢᠨ ᠤᠰᠤ ᠲᠠᠲᠠᠷᠠᠭᠤᠯᠬᠤ ᠰᠣᠷᠢᠯᠲᠠ᠂ ᠤᠰᠤᠨ ᠴᠥᠭᠦᠷᠥᠮ ᠤᠨ ᠬᠠᠭᠠᠯᠲᠠ ᠶᠢ ᠨᠡᠭᠡᠭᠡᠵᠦ ᠬᠠᠭᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠰᠣᠷᠢᠯᠲᠠ ᠶᠢᠨ ᠠᠵᠢᠯᠲᠠᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠦᠯᠬᠦᠮᠳᠡᠨ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠬᠤ ᠪᠦᠬᠦ᠋ᠢᠯᠡ ᠪᠡᠯᠡᠳᠬᠡᠯ ᠲᠥᠰᠦᠯ ᠤᠨ ᠰᠣᠷᠢᠯᠲᠠ ᠶᠢ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠪᠡᠶᠡᠯᠡᠭᠦᠯᠪᠡ᠃      ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠨᠡᠮᠡᠭᠳᠡᠭᠦᠯᠵᠦ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠦᠷᠭᠡᠨ ᠲᠤᠰᠬᠠᠬᠤ ᠴᠢᠳᠠᠪᠤᠷᠢ᠂ ᠰᠢᠶ᠋ᠳᠪᠦᠷᠢᠲᠦ ᠪᠣᠳᠣᠯᠭ᠎ᠠ ᠶᠢᠨ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ 2021 ᠣᠨ ᠤ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠳᠤ ᠰᠠᠭᠤᠷᠢ ᠲᠠᠯᠪᠢᠪᠠ  ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号