ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2021/6/15
   
     ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ︽ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ 6 ᠰᠠᠷ᠎ᠠ ᠶᠢᠨ 6      ᠤ ᠡᠳᠦᠷ᠂ ᠵᠠᠯᠠᠨ ᠠᠶᠢᠯ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶ᠎ᠠ  ᠫᠠᠶᠢᠰᠠ ᠰᠡᠬᠦᠬᠦ ᠶᠣᠰᠣᠯᠠᠯ ᠶᠠᠪᠤᠭᠤᠯᠪᠠ᠂ ᠡᠨᠡ ᠨᠢ ᠵᠠᠯᠠᠨ ᠠᠶᠢᠯ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠲᠡᠦᠬᠡ ᠶᠢᠨ ᠭᠠᠷᠤᠭ᠎ᠠ ᠳᠤ ᠣᠷᠣᠵᠤ᠂ ᠰᠢᠨ᠎ᠡ ᠱᠠᠲᠤᠨ ᠳᠤ ᠣᠷᠣᠵᠤ᠂ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠭᠰᠠᠨ ᠢ ᠬᠠᠷᠠᠭᠤᠯᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ  ᠪᠤᠯᠤᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠸᠠᠩ ᠪᠥᠸᠧ ᠵᠢᠴᠢ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠪᠦᠬᠦ ᠺᠠᠳ᠋ᠷ ᠠᠵᠢᠯᠲᠠᠨ ᠠᠵᠢᠯᠴᠢᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃            ᠶᠣᠰᠣᠯᠠᠯ ᠳᠡᠭᠡᠷ᠎ᠡ᠂ ᠸᠠᠩ ᠪᠥᠸᠧ ︽ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠠᠶᠢᠭᠤᠯᠤᠮᠵᠢ ᠳᠤ ᠲᠣᠬᠢᠷᠠᠭᠤᠯᠤᠯᠲᠠ ᠬᠢᠬᠦ ᠲᠤᠬᠠᠶ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠮᠡᠳᠡᠭᠳᠡᠯ︾ ᠢ ᠤᠩᠰᠢᠨ ᠨᠡᠶᠢᠲᠡᠯᠡᠵᠦ᠂ ᠪᠤᠯᠤᠷ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠡᠶ᠃  ᠪᠣᠯᠣᠷ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶ᠎ᠠ ᠶᠢ ᠪᠠᠶᠢᠭᠤᠯᠬᠤ ᠪᠣᠯ ᠮᠠᠨ ᠤ ᠬᠤᠳᠠ ᠶᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠬᠦ ᠴᠢᠬᠤᠯᠠ ᠠᠷᠭ᠎ᠠ  ᠬᠡᠮᠵᠢᠶ᠎ᠡ ᠮᠥᠨ᠂ ᠵᠠᠯᠠᠨ ᠠᠶᠢᠯ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠢᠨ᠎ᠡ ᠬᠦᠴᠦᠨ ᠤ ᠲᠤᠯᠭᠠᠭᠤᠷᠢᠯᠠᠯ ᠪᠠ ᠲᠦᠷᠢᠮ ᠤᠨ ᠪᠠᠲᠤᠯᠠᠭ᠎ᠠ ᠬᠠᠩᠭᠠᠬᠤ ᠪᠣᠯᠤᠨ᠎ᠠ᠃  ᠡᠨᠡ ᠨᠢ ᠵᠠᠯᠠᠨ ᠠᠶᠢᠯ ᠬᠤᠲᠠ ᠶᠢᠨ ᠣᠳᠣ ᠦᠶ᠎ᠡ ᠶᠢᠨ ᠬᠤᠲᠠ ᠶᠢᠨ ᠮᠠᠶ᠋ᠢᠭ ᠤᠨ ᠲᠠᠷᠢᠶᠠᠯᠠᠩ ᠤᠨ ᠳᠡᠰ ᠳᠡᠪᠰᠢᠭᠰᠡᠨ ᠬᠡᠪ ᠢ ᠪᠤᠶ ᠪᠣᠯᠭᠠᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠳᠦ ᠶᠢᠨ ᠨᠥᠯᠥᠭᠡ ᠦᠵᠡᠭᠦᠯᠬᠦ ᠪᠣᠯᠤᠨ᠎ᠠ  ᠭᠡᠵᠡᠢ᠃         ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠶᠢᠭᠤᠯᠤᠭᠳᠠᠭᠰᠠᠨ ᠤ ᠳᠠᠷᠠᠭ᠎ᠠ᠂ ︽ᠠᠵᠤ ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠵᠠᠯᠠᠨ ᠠᠶᠢᠯ ᠬᠤᠲᠠ ᠶᠢᠨ ︽ᠵᠢᠷᠭᠤᠭᠠᠨ ᠶᠡᠭᠡ ᠠᠵᠤ  ᠦᠢᠯᠡᠰ ᠤᠨ  ᠰᠢᠰᠲ᠋ᠧᠮ︾  ᠤᠨ ᠪᠠᠶᠢᠯᠳᠤᠬᠤ ᠪᠣᠳᠣᠯᠭ᠎ᠠ ᠶᠢᠨ ᠶᠣᠰᠣᠭᠠᠷ᠂ ᠣᠷᠣᠨ ᠪᠦᠰᠡ ᠶᠢᠨ ᠤᠨᠴᠠᠯᠢᠭᠳᠤ ᠠᠵᠤ  ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ  ᠱᠠᠲᠣ ᠶᠢᠨ ᠬᠠᠮᠲᠤ ᠶᠢᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠶ ᠬᠡᠷᠡᠭᠵᠢᠭᠦᠯᠦᠨ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃  ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠠᠷ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠲᠤᠰ ᠪᠡᠶ᠎ᠡ ᠶᠢᠨ ᠡᠭᠦᠷᠭᠡ ᠴᠢᠳᠠᠪᠬᠢ  ᠪᠠᠨ ᠣᠨᠣᠪᠴᠢᠲᠠᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠵᠠᠯᠠᠨ ᠠᠶᠢᠯ ᠬᠤᠳᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ  ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号