ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠭᠤᠴᠢ ᠶᠢᠰᠦᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/16
       
     
             6 ᠳ᠋ᠤᠭᠠᠷ ᠰᠠᠷ᠎ᠠ ᠶᠢᠨ 15      ᠤ ᠡᠳᠦᠷ᠂ ᠵᠠᠯᠠᠨ ᠠᠶᠢᠯ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠭᠤᠴᠢ ᠶᠢᠰᠦᠳᠦᠭᠡᠷ ᠤᠳᠠᠭᠠᠨ ᠤ ᠳᠣᠭᠢᠷᠠᠭᠤᠯᠬᠤ ᠬᠤᠷᠠᠯ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠤᠸᠠᠢ ᠭᠦᠸᠧ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠶᠡᠷᠦᠩᠬᠡᠶ ᠵᠢᠯᠣᠭᠤᠳᠣᠭᠴᠢ ᠸᠠᠩ ᠪᠥᠸᠧ ᠬᠤᠷᠠᠯ ᠳᠤ ᠣᠷᠣᠯᠴᠠᠵᠠᠶ᠃ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃             ᠬᠤᠷᠠᠯ ᠠᠴᠠ ᠪᠥᠬᠦ ᠬᠤᠲᠠ ᠶᠢᠨ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠡᠭᠦᠷᠭᠡ ᠶᠢᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃           ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠮᠥᠨᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲᠧᠮ ᠤᠨ ᠬᠡᠪ ᠤᠨ ᠠᠵᠢᠯᠯᠠᠭ᠎ᠠ ᠶᠢ ᠴᠠᠭ ᠢᠮᠠᠭᠲᠠ ᠪᠠᠲᠤᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠦᠷᠭᠦᠯᠵᠢᠯᠡᠨ ᠴᠢᠩᠭ᠎ᠠ ᠠᠳᠬᠤᠵᠣ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠭᠤᠭᠴᠤᠭ᠎ᠠ ᠪᠣᠯᠤᠨ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ︽ᠬᠠᠷᠠᠭᠤᠯ ᠤᠨ ᠭᠠᠵᠠᠷ︾ ᠤᠨ ︽ᠤᠷᠢᠳᠴᠢᠯᠠᠨ ᠰᠡᠷᠡᠮᠵᠢᠯᠡᠭᠦᠯᠬᠦ︾  ᠦᠢᠯᠡᠳᠦᠯ ᠢ ᠭᠦᠶ᠋ᠴᠡᠳ ᠪᠠᠳᠠᠷᠠᠭᠤᠯᠵᠤ᠂ ᠬᠡᠪ ᠤᠨ ᠪᠤᠰᠤ ᠪᠠᠶᠢᠳᠠᠯ ᠭᠠᠷᠪᠠᠯ ᠡᠷᠲᠡ ᠢᠯᠡᠷᠡᠭᠦᠯᠵᠦ ᠡᠷᠲᠡ ᠮᠡᠳᠡᠭᠦᠯᠵᠦ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃  ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ  ᠬᠦᠢᠲᠡᠨ ᠬᠡᠯᠬᠢᠶᠡᠲᠦ ᠢᠳᠡᠭᠡᠨ ᠵᠢᠴᠢ ᠪᠠᠷᠠᠭ᠎ᠠ ᠶᠢᠨ ᠪᠥᠬᠦ ᠶᠠᠪᠤᠴᠠ ᠶᠢᠨ ᠰᠡᠷᠭᠡᠶᠢᠯᠡᠨ ᠡᠵᠡᠮᠳᠡᠬᠦ ᠪᠠ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠢᠮᠠᠭᠲᠠ ᠬᠢᠴᠢᠶᠡᠨ ᠰᠠᠶᠢᠲᠤᠷ ᠠᠳᠬᠤᠬᠤ ᠬᠡᠷᠡᠭᠲᠡᠶ᠃            ᠬᠤᠷᠠᠯ ᠠᠴᠠ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤᠳᠬᠠᠨ ᠭᠦᠨᠵᠡᠭᠡᠶᠢᠷᠡᠭᠦᠯᠵᠦ᠂ ᠡᠭᠡᠯᠢᠯᠡᠭᠡ ᠶᠢᠨ ᠬᠠᠯᠬᠠᠪᠴᠢ ᠶᠢ ᠲᠦᠷᠭᠡᠨ ᠪᠠᠶᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠬᠤ ᠬᠠᠮᠤᠭ ᠤᠨ ᠬᠦᠴᠦᠲᠡᠢ ᠠᠷᠭ᠎ᠠ  ᠬᠡᠮᠵᠢᠶ᠎ᠡ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠸᠠᠺᠼᠢᠨ ᠤ ᠲᠠᠷᠢᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠨ ᠪᠣᠳᠠᠲᠠᠢ ᠪᠥᠭᠡᠳ ᠨᠠᠷᠢᠯᠢᠭ ᠪᠥᠭᠡᠳ ᠪᠣᠳᠠᠲᠠᠢ ᠠᠳᠬᠤᠬᠤ ᠬᠡᠷᠡᠭᠲᠡᠢ᠃  ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠵᠣᠬᠢᠶᠠᠨ ᠪᠠᠶᠢᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠴᠤ᠂ ᠴᠠᠭ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠤᠶᠠᠳᠠᠬᠢ ᠲᠠᠷᠢᠯᠭ᠎ᠠ ᠵᠢᠴᠢ ᠲᠠᠷᠠᠭᠠᠴᠢ ᠶᠢᠨ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠬᠡᠨ ᠪᠠᠶᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠡᠶ᠃          ᠬᠤᠷᠠᠯ ᠠᠴᠠ ᠪᠠᠰᠠ ᠣᠳᠣᠬᠠᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠦᠶᠡᠷ ᠢ ᠰᠡᠷᠭᠡᠶᠢᠯᠡᠬᠦ ᠵᠡᠷᠭᠡ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号