ᠨᠠᠮ ᠲᠠᠢ ᠰᠡᠳᠬᠢᠯ ᠢᠶᠠᠨ ᠨᠢᠭᠡᠳᠬᠡᠵᠦ᠂ ᠨᠠᠮ ᠲᠠᠢ ᠬᠠᠮᠲᠤ ᠤᠷᠤᠭᠰᠢᠯᠠᠨᠠᠮ — ᠵᠦᠩ ᠡᡁᠧ ᠪᠠᠯᠭᠠᠰᠤᠨ ᠤ ᠰᠢᠨ ᠵᠢᠶᠠᠨ ᠲᠣᠰᠬᠤᠨ ᠤ ᠨᠠᠮ ᠤᠨ ᠡᠭᠦᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/29
       2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠥᠷᠭᠡᠨ ᠤᠯᠠᠨ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ᠨᠠᠮ ᠤᠨ ᠭᠡᠰᠢᠭᠦᠨ ᠤ ᠨᠠᠮ ᠤᠨ ᠠᠴᠢ ᠶᠢ ᠴᠡᠭᠡᠵᠢᠯᠡᠬᠦ᠂ ᠨᠠᠮ ᠤᠨ ᠰᠡᠳᠬᠢᠯᠭᠡ ᠶᠢ ᠴᠡᠭᠡᠵᠢᠯᠡᠬᠦ ᠶᠢ ᠤᠯᠠᠮ ᠴᠢᠨᠠᠭᠰᠢᠳᠠ ᠬᠥᠭᠵᠢᠭᠡᠵᠦ᠂ ᠨᠠᠮ ᠤᠨ  ᠦᠩᠭᠡ  ᠭᠡᠷᠡᠯᠲᠦ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 28      ᠤ ᠡᠳᠦᠷ᠂ ᠵᠦᠩ ᠡᡁᠧ ᠪᠠᠯᠭᠠᠰᠤᠨ ᠤ ᠰᠢᠨ ᠵᠢᠶᠠᠨ ᠲᠣᠰᠬᠤᠨ ᠤ ᠨᠠᠮ ᠤᠨ ᠡᠭᠦᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃                  ᠤᠯᠤᠰ ᠤᠨ ᠲᠤᠭ ᠮᠠᠨᠳᠤᠭᠤᠯᠬᠤ ᠶᠣᠰᠣᠯᠠᠯ  ᠢᠶᠠᠷ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠨ᠎ᠠ᠃ ᠠᠯᠪᠠᠯᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠵᠢᠴᠢ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠡᠭᠦᠨ ᠢᠶᠠᠷ  ᠳᠠᠮᠵᠢᠨ ᠨᠠᠮ ᠪᠣᠯᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠨᠠᠮ ᠤᠨ ᠭᠡᠰᠢᠭᠦᠨ ᠨᠢᠭᠡᠪᠦᠷᠢ ᠶᠢᠨ ᠤᠬ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠣᠷᠢᠭ ᠢ ᠨᠡᠩ ᠪᠠᠲᠤᠳᠬᠠᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ ᠲᠤᠬᠠᠢ ᠶᠢᠨ ᠲᠠᠯᠠᠪᠠᠢ ᠳᠤ ᠪᠠᠶᠢᠭᠰᠠᠨ ᠪᠦᠬᠦ ᠨᠠᠮ ᠤᠨ ᠭᠡᠰᠢᠭᠦᠳ ᠤᠯᠤᠰ ᠤᠨ ᠲᠤᠭ ᠲᠤ ᠰᠢᠷᠳᠡᠬᠦ ᠶᠣᠰᠣ ᠬᠢᠬᠦ ᠶᠢᠨ ᠬᠠᠮᠲᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃          ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠭᠦᠨ ᠰᠡᠳᠬᠢᠭᠳᠡᠯ  ᠲᠦᠷᠦᠭᠳᠡᠭᠦᠯᠦᠨ᠎ᠡ᠃ ᠨᠠᠮ ᠤᠨ ᠡᠭᠦᠷ ᠤᠨ ᠱᠦᠵᠢ ᠭᠦᠸᠧ ᠴᠧᠨ ︽ᠨᠠᠮ ᠢᠶᠠᠨ ᠡᠭᠦᠷᠢᠳᠡ ᠳᠠᠭᠠᠨ᠎ᠠ︾ ᠭᠡᠬᠦ ᠰᠡᠳᠦᠪ ᠢᠶᠠᠷ ᠪᠥᠬᠦ ᠨᠠᠮ ᠤᠨ ᠭᠡᠰᠢᠭᠦᠳ ᠲᠤ ᠠᠮᠢᠳᠤᠯᠢᠭ ᠰᠠᠶᠢᠬᠠᠨ ᠨᠠᠮ ᠤᠨ ᠬᠢᠴᠢᠶᠡᠯ  ᠣᠷᠣᠵᠠᠢ᠃ ᠨᠠᠮ ᠤᠨ ᠬᠢᠴᠢᠶᠡᠯ ᠵᠢᠭᠠᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠢ  ᠵᠢᠯᠣᠭᠤᠳᠴᠤ ᠪᠠᠶᠢᠭᠠᠳ ᠵᠠᠭᠤᠨ ᠵᠢᠯ ᠤᠨ ᠨᠠᠮ ᠤᠨ ᠲᠡᠦᠬᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠪᠠᠭ᠋ᠠᠳᠣᠨ ᠰᠣᠷᠣᠯᠴᠠᠵᠣ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠠᠷᠢᠭᠤᠴᠠᠯᠭ᠎ᠠ ᠡᠭᠦᠷᠭᠡᠯᠡᠯ  ᠢᠶᠠᠨ ᠡᠭᠦᠷᠭᠡᠯᠡᠨ᠎ᠡ᠃           ᠨᠠᠮ ᠤᠨ ᠡᠳᠦᠷ ᠤᠨ ᠠᠵᠢᠯᠯᠠᠭ᠎ᠠ  ᠪᠠᠷ ᠬᠦᠲᠦᠯᠦᠨ ᠳᠠᠭᠠᠭᠤᠯᠭ᠎ᠠ ᠪᠠᠨ ᠠᠳᠬᠤᠪᠠ᠃ ᠭᠠᠯ ᠤᠯᠠᠭᠠᠨ ᠨᠠᠮ ᠤᠨ ᠲᠤᠭ ᠤᠨ ᠳᠣᠣᠷ᠎ᠠ᠂ ᠪᠦᠬᠦ ᠨᠠᠮ ᠤᠨ ᠭᠡᠰᠢᠭᠦᠨ ᠨᠠᠮ ᠤᠨ ᠰᠦᠯᠳᠡ ᠪᠠᠨ ᠵᠡᠭᠦᠵᠦ᠂ ᠪᠠᠷᠠᠭᠤᠨ ᠭᠠᠷ ᠢᠶᠠᠨ ᠡᠷᠭᠦᠵᠦ᠂ ᠨᠢᠳᠤᠷᠭ᠎ᠠ ᠪᠠᠨ ᠴᠢᠩᠭ᠎ᠠ ᠠᠳᠬᠤᠨ ᠳᠠᠬᠢᠨᠲᠠ ᠲᠥᠪ ᠴᠢᠩᠭ᠎ᠠ ᠪᠠᠷ ᠲᠠᠩᠭᠠᠷᠢᠭᠯᠠᠪᠠ᠃ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠳᠤ ᠨᠠᠮ ᠤᠨ ᠲᠤᠭ ᠤᠨ ᠳᠣᠣᠷ᠎ᠠ ᠤᠶᠤᠨ ᠰᠠᠨᠠᠭᠠᠨ ᠤ ᠴᠡᠪᠡᠷᠰᠢᠯ ᠪᠠ ᠤᠬᠢᠶᠠᠯ ᠬᠦᠷᠲᠡᠭᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠵᠦ᠂ ᠡᠪ ᠬᠠᠮᠲᠤ ᠨᠠᠮ ᠤᠨ ᠭᠡᠰᠢᠭᠦᠨ ᠤ ᠤᠯᠤᠰ ᠲᠦᠷᠦ ᠶᠢᠨ ᠮᠥᠨ ᠴᠢᠨᠠᠷ ᠢ ᠡᠭᠦᠷᠢᠳᠡ  ᠪᠠᠲᠤᠯᠠᠨ᠎ᠠ᠃           ᠤᠷᠠᠨ ᠰᠠᠶᠢᠬᠠᠨ ᠤ  ᠲᠣᠭᠯᠠᠯᠲᠠ ᠪᠠᠷ ᠦᠨᠡᠨ ᠰᠡᠳᠬᠢᠯᠭᠡ ᠪᠠᠨ ᠳᠡᠪᠰᠢᠭᠦᠯᠦᠨ᠎ᠡ᠃ ᠡᠯ᠎ᠡ ᠳᠤᠭᠤᠶᠢᠯᠠᠩ ᠤᠨ ᠵᠠᠭᠤ ᠭᠠᠷᠤᠢ ᠲᠣᠰᠬᠤᠨ ᠤ ᠠᠷᠠᠳ ᠢᠶᠠᠷ ᠪᠦᠷᠢᠯᠳᠦᠭᠰᠡᠨ ᠤᠳᠬ᠎ᠠ ᠤᠷᠠᠯᠢᠭ ᠤᠨ ᠡᠩᠨᠡᠭᠡ ᠬᠤᠷᠠᠨ ᠴᠤᠭᠯᠠᠷᠠᠵᠤ᠂ ᠲᠠᠯᠠᠪᠠᠢ ᠶᠢᠨ ᠪᠥᠵᠢᠭ᠂ ᠶᠠᠩᠭᠠᠷ ᠪᠥᠵᠢᠭ ᠤᠨ ᠲᠣᠭᠯᠠᠯᠲᠠ ᠶᠢᠨ ᠬᠡᠯᠪᠡᠷᠢ ᠪᠠᠷ ᠤᠭ ᠰᠠᠨᠠᠭ᠎ᠠ ᠪᠠᠨ ᠢᠯᠡᠳᠬᠡᠵᠦ᠂ ᠨᠠᠮ ᠤᠨ ᠠᠴᠢ ᠶᠢ ᠮᠠᠭᠲᠠᠨ ᠳᠠᠭᠤᠯᠠᠵᠤ᠂ ᠨᠠᠮ ᠪᠣᠯᠤᠨ ᠡᠬᠡ ᠤᠯᠤᠰ ᠲᠠᠭᠠᠨ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠣᠯᠤᠨ ᠵᠥᠩᠨᠡᠯ ᠢᠶᠠᠨ ᠢᠯᠡᠳᠬᠡᠵᠦ᠂ ᠨᠠᠮ ᠤᠨ ᠵᠠᠭᠤᠨ ᠵᠢᠯ ᠤᠨ ᠤᠢ ᠳᠤ ᠴᠢᠩ ᠰᠡᠳᠬᠢᠯ ᠠᠴᠠ ᠪᠠᠨ ᠪᠡᠯᠡᠭ ᠬᠦᠷᠭᠡᠪᠡ᠃            ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠳ ᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠨᠠᠮ ᠤᠨ ᠲᠡᠦᠬᠡ ᠶᠢ ᠡᠷᠭᠢᠴᠡᠭᠦᠯᠵᠦ᠂ ᠨᠠᠮ ᠤᠨ ᠲᠡᠦᠬᠡ ᠶᠢ ᠰᠤᠷᠤᠯᠴᠠᠭᠤᠯᠵᠤ᠂ ᠪᠦᠬᠦ ᠨᠠᠮ ᠤᠨ ᠭᠡᠰᠢᠭᠦᠳ ᠤᠨ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠭᠦᠢᠴᠡᠬᠦ᠂ ᠲᠡᠷᠢᠭᠦᠨ ᠤ ᠬᠢ ᠶᠢ ᠲᠡᠮᠡᠴᠡᠨ ᠤᠯᠬᠤ ᠶᠢ ᠵᠣᠷᠢᠭᠵᠢᠭᠤᠯᠵᠤ᠂ ᠤᠯᠠᠨ ᠲᠦᠮᠡᠨ ᠳᠤ ᠨᠡᠩ ᠰᠠᠶᠢᠨ ᠪᠣᠳᠠᠲᠠᠶ ᠶᠠᠪᠤᠳᠠᠯ ᠬᠢᠵᠦ᠂ ᠦᠯᠢᠭᠡᠷ ᠳᠠᠭᠤᠷᠢᠶᠠᠯ ᠪᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠵᠠᠭᠤᠨ ᠵᠢᠯ ᠤᠨ ᠤᠢ ᠳᠤ ᠪᠡᠯᠡᠭ ᠬᠦᠷᠭᠡᠶ᠎ᠡ︕
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号