ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ 2021 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/29
   
     6 ᠰᠠᠷ᠎ᠠ ᠶᠢᠨ 25      ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ 2021 ᠣᠨ ᠤ ᠬᠤᠲᠠ ᠶᠢᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠬᠥᠬᠡᠨᠠᠭᠤᠷ ᠮᠤᠵᠢ᠂ ᠾᠧᠨᠠᠨ ᠮᠤᠵᠢ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠲᠤᠰᠬᠠᠶ ᠴᠡᠭᠴᠡᠯᠡᠨ  ᠵᠠᠰᠠᠬᠤ ᠠᠰᠠᠭᠤᠳᠠᠯ ᠢ ᠴᠡᠭᠴᠡᠯᠡᠨ  ᠰᠢᠢᠳᠪᠦᠷᠢᠯᠡᠭᠰᠡᠨ᠂ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠪᠠ ᠤᠯᠤᠰ ᠤᠨ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠪᠥᠸᠧ᠂ ᠸᠠᠩ ᠢᠦᠶ ᠵᠠᠩ᠂ ᠳ᠋ᠦ᠋ ᠮᠢᠩ ᠶᠠᠨ᠂ ᠵᠠᠩ ᠸᠧᠶ ᠵᠢᠶᠦ᠋ᠨ᠂ ᠢᠦᠶ ᠶᠠᠨ᠂ ᠰᠢᠤᠢ ᠺᠦᠨ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃          ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ   ᠶᠡᠷᠦᠩᠬᠡᠢ ᠱᠦᠵᠢ ᠶᠢᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠲᠣᠣᠱᠯᠠᠭᠤᠯᠣᠨ᠂ ᠤᠰᠤ ᠠᠷᠪᠢᠯᠠᠬᠤ ᠶᠢ ᠤᠷᠢᠳᠠᠪᠠᠷ  ᠪᠣᠳᠣᠯᠬᠢᠯᠠᠨ᠂ ᠤᠰᠤᠨ ᠤ ᠡᠬᠢ ᠪᠠᠶᠠᠯᠢᠭ  ᠤᠨ ᠬᠠᠮᠢᠶᠠᠷᠣᠯᠲᠠ ᠪᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ  ᠳᠡᠭᠡᠭᠰᠢᠯᠡᠭᠦᠯᠬᠦ ᠬᠡᠷᠡᠭᠲᠡᠢ ᠭᠡᠵᠡᠢ᠃ ᠤᠢᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠠᠨ ᠭᠠᠵᠠᠷ ᠲᠤ ᠡᠭᠦᠰᠦᠭᠰᠡᠨ ᠠᠮᠤᠷ ᠲᠦᠪᠰᠢᠨ ᠤ ᠠᠳᠡᠯ ᠠᠴᠠ  ᠰᠤᠷᠭᠠᠮᠵᠢ ᠠᠪᠴᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃               ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠢ ᠪᠠᠲᠤ ᠪᠤᠶ ᠪᠣᠯᠭᠠᠵᠤ᠂ ︽ᠲᠤᠮᠤ ᠪᠦᠳᠦᠴᠡᠳᠤ ᠭᠡᠷ ᠪᠠᠶᠢᠰᠢᠩ︾ ᠤᠨ ᠠᠰᠠᠭᠤᠳᠠᠯ ᠢ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠪᠠ ᠲᠣᠭᠲᠠᠭᠠᠯ ᠠᠴᠠ ᠵᠥᠷᠢᠴᠡᠨ ᠵᠤᠰᠠᠯᠠᠩ ᠤᠨ ᠭᠠᠵᠠᠷ ᠪᠠᠶᠢᠭᠤᠯᠤᠭᠰᠠᠨ ᠠᠰᠠᠭᠤᠳᠠᠯ ᠢ ᠢᠯᠭᠠᠷᠠᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ ᠶᠢᠨ ︽ᠡᠷᠭᠢᠵᠦ ᠬᠠᠷᠠᠬᠤ︾ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠪᠴᠢᠯᠡᠨ ᠠᠬᠢᠭᠤᠯᠵᠤ᠂ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃  ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠵᠦ᠂ ᠬᠠᠤᠯᠢ ᠶᠣᠰᠣᠭᠠᠷ  ᠪᠦᠷᠢᠳᠭᠡᠨ ᠬᠠᠤᠯᠢ ᠶᠣᠰᠣᠭᠠᠷ ᠨᠢᠭᠡᠳᠦᠯᠲᠡᠢ ᠵᠠᠰᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠥᠴᠦᠬᠡᠨ ᠴᠦ ᠠᠯᠳᠠᠰᠢ ᠦᠭᠡᠢ ᠪᠠᠶᠢᠬᠤ ᠶᠢ ᠡᠷᠡᠰ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠠᠮᠤᠷ ᠲᠦᠪᠰᠢᠨ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号