ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ︽ᠦᠩᠭᠡ ᠭᠡᠷᠡᠯᠲᠡᠢ ᠪᠠᠷ ᠨᠠᠮ ᠳᠠᠭᠠᠨ 50 ᠵᠢᠯ ᠠᠵᠢᠯᠯᠠᠭᠰᠠᠨ︾ ᠠᠬᠠᠮᠠᠳ ᠨᠠᠮ ᠤᠨ ᠭᠡᠰᠢᠭᠦᠨ  ᠬᠢᠭᠡᠳ ᠨᠠᠮ ᠤᠨ ᠳᠣᠲᠣᠭᠠᠳᠤ ᠶᠢᠨ ᠭᠠᠪᠢᠶ᠎ᠠ ᠵᠢᠳᠬᠦᠯ ᠢᠷᠠᠭᠤ ᠠᠯᠳᠠᠷ  ᠤᠨ  ᠬᠦᠬᠢᠭᠦᠯᠦᠯ ᠰᠠᠶᠢᠰᠢᠶᠠᠯ ᠢ ᠬᠦᠷᠲᠡᠭᠰᠡᠨ ᠨᠠᠮ ᠤᠨ  ᠭᠡᠰᠢᠭᠦᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/6/29
   
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ  ᠶᠢᠨ ᠲᠠᠰᠢᠷᠠᠮ ᠢᠶᠠᠷ ᠂ 6 ᠰᠠᠷ᠎ᠠ ᠶᠢᠨ 26      ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠢ ︽ ᠨᠠᠮ ᠳᠤ ᠪᠠᠨ ᠠᠵᠢᠯᠯᠠᠭᠰᠠᠨ ᠢᠷᠠᠭᠤ ᠠᠯᠳᠠᠷᠲᠠᠢ 50 ᠵᠢᠯ︾ ᠤᠨ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠰᠦᠩ ᠶᠢᠨ ᠷᠦᠩ ᠪᠣᠯᠤᠨ ᠨᠠᠮ ᠤᠨ ᠳᠣᠲᠣᠭᠠᠳᠤ ᠶᠢᠨ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠬᠦᠷᠳᠡᠭᠰᠡᠨ ᠨᠠᠮ ᠤᠨ ᠭᠡᠰᠢᠭᠦᠨ ᠲᠥᠯᠥᠭᠡᠯᠡᠭᠴᠢ ᠵᠠᠩ ᠰᠢᠤ ᠷᠦᠩ ᠢ ᠡᠷᠬᠢᠨ ᠦᠵᠡᠵᠦ ᠲᠣᠬᠤᠨᠢᠭᠤᠯᠵᠤ᠂ ᠨᠠᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠸᠠᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠶ ᠲᠢᠶᠤ  ᠵᠦ᠋ ᠲᠣᠬᠤᠨᠢᠭᠤᠯᠤᠯ ᠳᠤ ᠣᠷᠣᠯᠴᠠᠪᠠ᠃           ᠠ᠊‍ᠬᠠᠮᠠᠳ ᠨᠠᠮ ᠤᠨ ᠭᠡᠰᠢᠭᠦᠨ ᠰᠦᠩ ᠶᠢᠨ ᠷᠦᠩ ᠤᠨ ᠭᠡᠷ ᠲᠤ᠂ ᠵᠢᠶᠤᠤ ᠭᠠᠩ ᠸᠧᠢ ᠨᠠᠰᠤᠲᠠᠨ ᠤ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ  ᠯᠠᠪᠯᠠᠨ ᠠᠰᠠᠭᠤᠵᠤ᠂ ᠨᠠᠰᠤᠲᠠᠨ ᠤ ᠠᠵᠢᠯ ᠤᠨ ᠥᠩᠭᠡᠷᠡᠯᠲᠡ ᠶᠢ ᠨᠠᠷᠢᠨ ᠬᠢᠨᠠᠮᠠᠭᠠᠢ ᠰᠣᠨᠣᠰᠴᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢ ᠬᠠᠮᠲᠤᠪᠠᠷ ᠶᠠᠷᠢᠯᠴᠠᠬᠤ ᠶᠢᠨ ᠬᠠᠮᠲᠤ ᠨᠠᠰᠤᠲᠠᠨ ᠳᠤ ︽ᠨᠠᠮ ᠳᠤ ᠪᠠᠨ ᠠᠵᠢᠯᠯᠠᠭᠰᠠᠨ ᠢᠷᠠᠭᠤ ᠠᠯᠳᠠᠷᠲᠠᠢ 50 ᠵᠢᠯ︾ ᠭᠡᠬᠦ ᠳᠤᠷᠠᠰᠬᠠᠯ ᠤᠨ ᠲᠡᠮᠳᠡᠭ ᠣᠯᠭᠤᠵᠤ᠂ ᠲᠣᠬᠤᠨᠢᠭᠤᠯᠬᠤ ᠮᠥᠩᠭᠦ ᠬᠦᠷᠭᠡᠵᠦ᠂ ᠨᠠᠮ ᠤᠨ ᠲᠥᠪ ᠬᠤᠷᠢᠶᠠᠨ ᠤ ᠠᠬᠠᠮᠠᠳ ᠨᠠᠮ ᠤᠨ ᠭᠡᠰᠢᠭᠦᠨ ᠳᠤ ᠦᠵᠡᠭᠦᠯᠦᠭᠰᠡᠨ ᠤᠯᠤᠰ ᠲᠦᠷᠦ ᠶᠢᠨ ᠬᠠᠯᠠᠮᠵᠢᠯᠠᠯ ᠪᠣᠯᠤᠨ ᠠᠮᠢᠳᠤᠷᠠᠯ ᠤᠨ ᠬᠠᠶᠢᠷ᠎ᠠ ᠬᠠᠯᠠᠮᠵᠢ ᠶᠢ ᠬᠦᠷᠭᠡᠪᠡ᠃  ᠵᠢᠶᠣᠤ ᠭᠠᠩ ᠸᠧᠶ ᠬᠡᠯᠡᠬᠦ ᠳᠡᠭᠡᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠨᠠᠮ ᠪᠣᠯᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠤᠨ ᠨᠠᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠵᠤ᠂ ᠡᠷᠬᠢᠮ ᠨᠠᠨᠳᠢᠨ ᠰᠠᠨᠠᠭᠤᠯᠭ᠎ᠠ ᠶᠢ ᠢᠯᠡᠭᠦᠬᠡᠨ ᠳᠤᠷᠠᠳᠬᠤ ᠶᠢ ᠬᠦᠰᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠬᠠᠮᠠᠳ ᠨᠠᠮ ᠤᠨ ᠭᠡᠰᠢᠭᠦᠨ ᠢ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠪᠡᠶ᠎ᠡ ᠮᠠᠬᠠᠪᠣᠳ ᠤᠨ ᠲᠠᠯ᠎ᠠ ᠪᠠᠷ ᠢᠯᠡᠭᠦᠬᠡᠨ ᠬᠠᠷᠠᠭᠠᠯᠵᠠᠵᠤ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠢᠯᠡᠭᠦᠬᠡᠨ ᠨᠡᠪᠲᠡᠷᠡᠯᠴᠡᠵᠦ᠂ ᠲᠡᠳᠡᠨ ᠤ ᠪᠡᠶ᠎ᠡ ᠰᠡᠳᠬᠢᠯ ᠢ ᠪᠠᠶᠠᠷ ᠪᠠᠶᠠᠰᠬᠤᠯᠠᠩ ᠲᠠᠢ ᠪᠠᠶᠢᠯᠭᠠᠵᠤ᠂ ᠤᠷᠲᠤ ᠨᠠᠰᠤᠯᠠᠵᠤ ᠤᠳᠠᠭᠠᠨ ᠵᠢᠷᠭᠠᠬᠤ ᠶᠢ ᠬᠦᠰᠡᠵᠦ ᠪᠠᠶᠢᠨ᠎ᠠ ᠭᠡᠵᠡᠢ᠃           ᠡᡁᠧ ᠰᠢ ᠵᠡᠭᠡᠯᠢ ᠭᠤᠲᠣᠮᠵᠢ ᠶᠢᠨ ᠬᠤᠲᠣᠩᠴᠤᠳ ᠤᠨ ᠲᠣᠰᠬᠤᠨ ᠤ ᠵᠠᠩ ᠰᠢᠤ ᠷᠦᠩ ᠤᠨ ᠭᠡᠷ ᠲᠤ᠂ ᠵᠢᠶᠤᠤ ᠭᠠᠩ ᠸᠧᠢ ᠬᠦᠯᠡᠮᠵᠢ ᠳᠤ ᠣᠷᠣᠵᠤ᠂ ᠳᠡᠭᠦᠵᠢᠯᠡᠭᠦᠷ ᠤᠭᠤᠲᠠ ᠲᠠᠢ ᠬᠠᠷ᠎ᠠ ᠳᠡᠯᠳᠡᠦ ᠶᠢᠨ ᠤᠷᠭᠤᠴᠠ ᠪᠣᠯᠤᠨ ᠬᠥᠭᠵᠢᠯᠲᠡ ᠶᠢᠨ ᠪᠠᠶᠢᠳᠠᠯ ᠢ ᠦᠵᠡᠵᠦ ᠤᠢᠢᠯᠠᠭᠠᠭᠰᠠᠨ ᠪᠥᠭᠡᠳ ᠡᠯᠧᠺᠲᠷᠣᠨ ᠬᠤᠳᠠᠯᠳᠤᠭᠠᠨ ᠤ ᠦᠢᠯᠡᠳᠬᠦᠨ ᠤ ᠦᠵᠡᠭᠦᠯᠦᠯᠭᠡ ᠶᠢᠨ ᠲᠢᠩᠬᠢᠮ ᠳᠤ ᠵᠠᠩ ᠰᠢᠤ ᠷᠦᠩ ᠲᠠᠢ ᠳᠣᠲᠣᠨᠣ  ᠶᠠᠷᠢᠯᠴᠠᠵᠤ᠂ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃  ᠵᠢᠶᠤᠤ ᠭᠠᠩ ᠸᠧᠢ ᠵᠠᠩ ᠰᠢᠤ ᠷᠦᠩ ᠤᠨ ᠬᠠᠷ᠎ᠠ ᠳᠡᠯᠳᠡᠦ ᠲᠠᠷᠢᠵᠦ ᠡᠯᠧᠺᠲᠷᠣᠨ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠢ ᠳᠡᠭᠡᠳᠦ  ᠬᠡᠮᠵᠢᠶ᠎ᠡ ᠪᠠᠷ ᠦᠨᠡᠯᠡᠵᠦ᠂ ᠲᠡᠭᠦᠨ ᠢ ᠪᠦᠬᠦ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠠᠩ ᠡᠵᠢ ᠶᠢᠨ ᠬᠠᠷ᠎ᠠ ᠳᠡᠯᠳᠡᠦ ᠶᠢᠨ ᠲᠠᠷᠢᠮᠠᠯ ᠤᠨ ᠬᠤᠷᠰᠢᠶ᠎ᠠ ᠶᠢ ᠴᠢᠨᠠᠭᠰᠢᠳᠠ ᠬᠥᠭᠵᠢᠭᠦᠯᠦᠨ ᠪᠤᠵᠠᠭᠠᠶᠢᠷᠠᠭᠤᠯᠵᠤ᠂ ︽ ᠢ ᠪᠠ ᠮᠦ ᠡᠯ︾ ᠲᠦᠷᠦᠯ ᠲᠡᠮᠳᠡᠭ ᠤᠨ ᠦᠢᠯᠡᠳᠦᠯ ᠢ ᠥᠷᠭᠡᠳᠬᠡᠵᠦ᠂ ᠨᠤᠲᠤᠭ ᠤᠨ ᠠᠬ᠎ᠠ ᠳᠡᠭᠦᠦ ᠨᠡᠷ ᠤᠨ ᠴᠢᠨᠡᠭᠡᠯᠢᠭᠵᠢᠯ ᠤᠨ ᠳᠠᠭᠠᠭᠤᠯᠤᠭᠴᠢ ᠶᠢ ᠰᠠᠶᠢᠲᠤᠷ ᠬᠢᠬᠦ ᠶᠢ ᠬᠦᠰᠡᠪᠡ᠃   ᠵᠢᠶᠤᠤ ᠭᠠᠩ ᠸᠧᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠠᠩ ᠰᠢᠤ ᠷᠦᠩ ᠤᠨ ᠪᠠᠶᠠᠵᠢᠯ ᠤᠨ ᠠᠵᠤ ᠦᠢᠯᠡᠰ ᠢ ᠬᠥᠭᠵᠢᠭᠦᠯᠬᠦ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠭᠡᠵᠦ ᠵᠠᠬᠢᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷ ᠵᠣᠪᠠᠭᠤᠷᠢ ᠶᠢᠨ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠨᠠᠮ ᠤᠨ ᠬᠠᠶᠢᠷ᠎ᠠ ᠬᠠᠯᠠᠮᠵᠢ ᠶᠢ ᠬᠠᠮᠤᠭ ᠤᠨ ᠦᠨᠳᠦᠰᠦᠨ ᠱᠠᠲᠤᠨ ᠳᠤ ᠦᠨᠡᠨᠬᠦ ᠬᠦᠷᠭᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号