ᠵᠥᠩ ᠾᠧ ᠪᠠᠯᠭᠠᠰᠤ᠄ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠶᠠᠪᠤᠭᠳᠠᠵᠤ ᠪᠣᠢ᠂ ᠺᠠᠳ᠋ᠷ ᠣᠯᠠᠨ ᠲᠦᠮᠡᠨ ᠬᠦᠴᠦ ᠪᠠᠨ ᠬᠠᠮᠲᠤᠳᠬᠠᠨ ᠪᠡᠷᠬᠡ ᠪᠣᠭᠤᠮᠲᠠ ᠶᠢ  ᠲᠣᠭᠤᠯᠣᠶ᠎ᠠ
ᠨᠡᠶᠢᠲᠡᠯᠡᠭᠰᠡᠨ ᠴᠠᠭ᠄
2021/7/12
     ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠵᠦᠩ ᠾᠧ ᠪᠠᠯᠭᠠᠰᠤ ︽ᠦᠶᠡᠷ︾ ᠤᠨ ᠬᠤᠭᠤᠴᠠᠭ᠎ᠠ ᠶᠢ ᠰᠣᠨᠣᠰᠴᠤ᠂ ᠪᠠᠯᠭᠠᠰᠤ ᠲᠣᠰᠬᠤᠨ ᠤ ᠺᠠᠳ᠋ᠷ ᠬᠤᠯᠪᠣᠭᠠᠯᠠᠨ ᠬᠥᠳᠡᠯᠦᠯᠴᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠣᠢ᠃          ᠠᠵᠢᠯ ᠤᠨ ᠳᠤᠮᠳᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ  ᠳᠠᠷᠤᠭ᠎ᠠ ᠲᠦᠷᠦᠭᠦᠯᠡᠨ ᠥᠯᠢᠭᠡᠷ ᠵᠢᠱᠢᠶ᠎ᠡ ᠦᠵᠡᠭᠦᠯᠵᠦ᠂ ᠬᠠᠮᠤᠭ ᠤᠨ ᠲᠡᠷᠢᠭᠦᠨ ᠳᠤ ᠡᠯ᠎ᠡ ᠲᠣᠰᠬᠤᠨ ᠳᠤ ᠭᠦᠨᠵᠡᠭᠡᠶᠢᠷᠡᠨ ᠭᠠᠮᠰᠢᠭᠳᠠᠭᠰᠠᠨ ᠪᠠᠶᠢᠳᠠᠯ᠂ ᠵᠠᠮ ᠬᠥᠭᠦᠷᠭᠡ ᠶᠢᠨ ᠭᠤᠯᠳᠤᠩ ᠡᠪᠳᠡᠭᠳᠡᠭᠰᠡᠨ ᠪᠠᠶᠢᠳᠠᠯ ᠢ ᠤᠶᠢᠯᠠᠭᠠᠨ᠂ ᠲᠤᠬᠠᠶ ᠶᠢᠨ ᠲᠠᠯᠠᠪᠤᠷ ᠲᠤᠨᠢ ᠵᠢᠯᠣᠭᠤᠳᠴᠤ᠂ ᠲᠤᠬᠠᠶ ᠶᠢᠨ ᠲᠠᠯᠠᠪᠤᠷ ᠲᠤᠨᠢ ᠳᠣᠭᠢᠷᠠᠭᠤᠯᠤᠨ ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠪᠣᠳᠠᠲᠠᠶ ᠪᠠᠶᠢᠳᠠᠯ ᠠᠴᠠ ᠡᠭᠦᠰᠴᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠰᠢᠨᠵᠢᠯᠡᠬᠦ ᠤᠬᠠᠭᠠᠨᠴᠢ ᠲᠥᠰᠦᠯ ᠢ ᠲᠣᠭᠲᠠᠭᠠᠪᠠ᠃  ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠲᠣᠰᠬᠤᠨ ᠢ ᠳᠠᠭᠠᠭᠠᠴᠢᠯᠠᠭᠰᠠᠨ ᠺᠠᠳ᠋ᠷ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠲᠣᠰᠬᠤᠨ ᠳᠤ ᠭᠦᠨᠵᠡᠭᠡᠶᠢᠷᠡᠨ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠠᠶᠤᠯᠲᠠᠢ ᠪᠠᠷᠢᠯᠭ᠎ᠠ ᠶᠢᠨ ᠬᠡᠰᠡᠭ᠂ ᠭᠤᠣᠯᠳᠠᠯᠭ᠎ᠠ ᠲᠠᠢ ᠵᠦᠢᠯᠡᠰ ᠲᠤ ᠴᠢᠭᠯᠡᠭᠦᠯᠦᠨ ᠬᠢᠨᠠᠨ ᠵᠢᠯᠣᠭᠤᠳᠴᠤ ᠪᠠᠶᠢᠴᠠᠭᠠᠯᠲᠠ ᠬᠢᠵᠦ᠂ ᠠᠰᠠᠭᠤᠳᠠᠯ ᠢ ᠢᠯᠡᠷᠡᠭᠦᠯᠪᠡᠯ ᠲᠤᠬᠠᠢ ᠶᠢᠨ ᠭᠠᠵᠠᠷ ᠲᠤᠨᠢ ᠲᠤᠰᠢᠶᠠᠨ ᠭᠦᠢᠴᠡᠳᠬᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠮᠥᠷᠳᠡᠨ ᠵᠢᠯᠣᠭᠤᠳᠪᠠ᠃  ᠪᠠᠯᠭᠠᠰᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠪᠠᠷ᠂ ᠡᠯ᠎ᠡ ᠲᠣᠰᠬᠤᠨ ᠤ ᠰᠠᠭᠤᠭᠠᠯᠢ ᠠᠷᠠᠳ ᠢᠳᠡᠪᠬᠢᠲᠡᠢ ᠪᠠᠷ ᠴᠤᠤᠷᠢᠶᠠᠲᠤᠨ ᠲᠠᠭᠠᠵᠦ᠂ ᠲᠣᠰᠬᠤᠨ ᠤ ᠠᠷᠠᠳ ᠴᠡᠭᠡᠵᠢ ᠳᠦᠷᠢᠨ ᠭᠠᠷᠴᠤ᠂ ᠵᠣᠷᠢᠭᠲᠠᠢ  ᠪᠠᠷ ᠦᠶᠡᠷ ᠢ ᠰᠡᠷᠭᠡᠶᠢᠯᠡᠬᠦ ᠭᠤᠣᠯ ᠪᠠᠶᠢᠯᠳᠤᠭᠠᠨ ᠤ ᠲᠠᠯᠠᠪᠤᠷ ᠲᠤ ᠢᠳᠡᠪᠬᠢᠲᠡᠢ ᠣᠷᠣᠯᠴᠠᠪᠠ᠃ ᠹᠦ᠋ ᠰᠢᠩ ᠲᠣᠰᠬᠤᠨ ᠤ 12 ᠳᠤᠭᠤᠶᠢᠯᠠᠩ ᠤᠨ ᠲᠣᠰᠬᠤᠨ ᠤ ᠠᠷᠠᠳ ᠥᠪᠡᠷ ᠢᠶᠠᠨ ᠵᠣᠭᠤᠰ ᠴᠤᠭᠯᠠᠭᠤᠯᠵᠤ ᠵᠠᠮ ᠵᠠᠰᠠᠪᠠ᠃ ᠰᠧ ᠳ᠋ᠤᠤ ᠭᠸᠤ ᠲᠣᠰᠬᠤᠨ ᠤ ᠠᠷᠠᠳ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠵᠤ  ᠬᠦᠬᠦᠷᠭᠡ ᠶᠢᠨ ᠭᠤᠯᠳᠣᠩ ᠢ ᠰᠡᠯᠪᠢᠨ  ᠵᠠᠰᠠᠪᠠ᠃ ᠯᠢ ᠮᠢᠩ ᠼᠦᠨ ᠲᠣᠰᠬᠤᠨ ᠤ ᠳᠥᠷᠪᠡᠳᠦᠭᠡᠷ ᠳᠤᠭᠤᠶᠢᠯᠠᠩ ᠤᠨ ᠬᠢᠨ ᠭᠤᠬ᠎ᠠ ᠮᠠᠰᠢᠨ  ᠢᠶᠠᠷ ᠭᠤᠣᠯ  ᠢ ᠴᠡᠪᠡᠷᠯᠡᠪᠡ  ᠃ ᠰᠠᠨ ᠳ᠋ᠤᠤ ᠭᠸᠤ ᠶᠢᠨ ᠭᠤᠷᠪᠠᠳᠣᠭᠠᠷ ᠳᠤᠭᠤᠶᠢᠯᠠᠩ ᠤᠨ ᠵᠠᠮ ᠤᠰᠤᠨ ᠳᠤ ᠤᠷᠤᠰᠬᠠᠭᠳᠠᠭᠠᠳ  ᠣᠯᠠᠨ ᠲᠦᠮᠡᠨ ᠨᠡᠪᠲᠡᠷᠡᠬᠦ ᠶᠢᠨ ᠠᠷᠭ᠎ᠠ ᠦᠭᠡᠢ ᠪᠣᠯᠤᠭᠰᠠᠨ ᠳᠤ᠂ ᠲᠣᠰᠬᠤᠨ ᠤ ᠺᠠᠳ᠋ᠷ ᠲᠡᠷᠡ ᠳᠠᠷᠤᠢ ᠳᠤᠨᠢ ᠱᠠᠯᠠᠪᠳᠠᠨ ᠵᠠᠰᠠᠵᠤ᠂ ᠠᠷᠠᠳ ᠢᠷᠭᠡᠳ ᠤᠨ ᠠᠰᠠᠭᠤᠳᠠᠯ ᠢ ᠰᠢᠢᠳᠪᠦᠷᠢᠯᠡᠪᠡ  ᠃   ᠰᠢᠨ ᠵᠢᠶᠠᠨ ᠲᠣᠰᠬᠤᠨ  ᠤᠰᠤᠨ ᠳᠤ ᠡᠪᠳᠡᠭᠳᠡᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠪᠠ᠃ ᠯᠢ ᠮᠢᠩ ᠲᠣᠰᠬᠤᠨ ᠤ ᠬᠢᠨ ᠤᠰᠤᠨ ᠳᠤ  ᠡᠪᠳᠡᠭᠳᠡᠭᠰᠡᠨ ᠬᠥᠭᠦᠷᠭᠡ ᠶᠢ ᠱᠠᠯᠠᠪᠳᠠᠨ ᠵᠠᠰᠠᠵᠤ᠂ ᠠᠷᠠᠳ ᠤᠯᠠᠨ ᠤ ᠶᠠᠪᠤᠵᠤ ᠰᠠᠭᠤᠬᠤ ᠶᠢ ᠪᠠᠲᠤᠯᠠᠪᠠ︔ ᠱᠦᠢ ᠳ᠋ᠢᠶᠠᠨ ᠭᠸᠤ  ᠨᠠᠶᠢᠮᠠᠳᠣᠭᠠᠷ ᠳᠤᠭᠤᠶᠢᠯᠠᠩ ᠤᠨ ᠬᠥᠭᠦᠷᠭᠡ  ᠶᠢ ᠱᠠᠯᠠᠪᠳᠠᠨ ᠵᠠᠰᠠᠪᠠ ᠁ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠪᠣᠯ ᠶᠡᠭᠡ ᠰᠢᠯᠭᠠᠯᠲᠠ ᠪᠣᠯᠤᠨ᠎ᠠ᠂ ᠡᠯ᠎ᠡ ᠲᠣᠰᠬᠤᠨ ᠤ ᠰᠠᠭᠤᠭᠠᠯᠢ ᠠᠷᠠᠳ ᠢᠳᠡᠪᠬᠢᠲᠡᠢ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠨ ᠲᠦᠮᠡᠨ ᠳᠤ ᠰᠠᠶᠢᠨ ᠶᠠᠪᠤᠳᠠᠯ ᠪᠣᠳᠠᠲᠠᠢ ᠶᠠᠪᠤᠳᠠᠯ ᠬᠢᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠪᠠ᠃           ᠬᠦᠨᠳᠦ ᠬᠡᠴᠡᠭᠦᠦ ᠦᠶᠡᠷ ᠤᠨ ᠪᠠᠶᠢᠳᠠᠯ ᠤᠨ ᠡᠮᠦᠨ᠎ᠡ᠂ ᠵᠥᠩ ᠾᠧ ᠪᠠᠯᠭᠠᠰᠤᠨ ᠤ ᠺᠠᠳ᠋ᠷ ᠣᠯᠠᠨ ᠲᠦᠮᠡᠨ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠪᠡᠷᠬᠡ ᠪᠣᠭᠤᠮᠲᠠ ᠶᠢ ᠬᠠᠮᠲᠤ ᠪᠠᠷ ᠲᠤᠭᠤᠯᠪᠠ᠃ ᠣᠳᠣᠬᠠᠨ ᠳᠤ ᠪᠥᠬᠦ ᠪᠠᠯᠭᠠᠰᠤᠨ ᠤ ᠣᠯᠠᠨ ᠭᠠᠵᠠᠷ ᠲᠤ ᠬᠥᠭᠦᠷᠭᠡ ᠲᠠᠯᠪᠢᠵᠤ᠂ ᠵᠠᠮ ᠤᠨ ᠭᠠᠳᠠᠷᠭᠤ ᠶᠢ ᠨᠢᠭᠡᠨᠲᠡ ᠵᠠᠰᠠᠵᠤ ᠳᠠᠭᠤᠰᠬᠠᠭᠠᠳ᠂ ᠠᠷᠠᠳ ᠢᠷᠭᠡᠳ ᠤᠨ ᠶᠠᠪᠤᠵᠤ ᠰᠠᠭᠤᠬᠤ ᠠᠰᠠᠭᠤᠳᠠᠯ ᠢ  ᠰᠢᠢᠳᠪᠦᠷᠢᠯᠡᠵᠡᠢ᠃ ᠲᠠᠷᠠᠭᠠᠴᠢ ᠶᠢᠨ ᠠᠯᠬᠤᠮ ᠳᠤ᠂ ᠵᠥᠩ ᠾᠧ ᠪᠠᠯᠭᠠᠰᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠵᠥᠩ ᠾᠧ ᠪᠠᠯᠭᠠᠰᠤᠨ ᠤ ᠦᠶᠡᠷ ᠢ ᠲᠣᠭᠲᠠᠭᠤᠨ ᠢᠶᠠᠷ ᠥᠩᠭᠡᠷᠡᠭᠦᠯᠬᠦ ᠶᠢ  ᠪᠠᠲᠣᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号