ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ  ᠠᠴᠠ ᠪᠥᠬᠦ ᠬᠤᠲᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/12
 
      7 ᠰᠠᠷ᠎ᠠ ᠶᠢᠨ 5      ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠠ ᠪᠥᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ ︾  ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ᠪᠥᠬᠦ ᠤᠯᠤᠰ ᠤᠨ ᠰᠢᠶᠠᠨ ᠤ ᠨᠠᠮ ᠤᠨ ᠬᠤᠷᠢᠶᠠᠨ ᠤ ᠰᠢᠯᠢᠳᠡᠭ ᠱᠦᠵᠢ ᠶᠢ ᠬᠥᠬᠢᠭᠦᠯᠦᠨ ᠰᠠᠶᠢᠰᠢᠶᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ᠃ ᠬᠤᠳᠠ ᠶᠢᠨ ᠲᠦᠷᠪᠡᠨ ᠶᠡᠭᠡ ᠪᠠᠭ ᠤᠨ ᠪᠦᠷᠢᠯᠳᠦᠬᠦᠨ ᠪᠣᠯᠤᠨ ᠪᠤᠰᠤᠳ ᠳᠡᠳ᠋ ᠭᠠᠵᠠᠷ ᠤᠨ ᠲᠡᠰ ᠤᠨ ᠺᠠᠳ᠋ᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃          ᠵᠢᠶᠤᠤ ᠭᠠᠩ ᠸᠧᠶ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ   ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢᠨ ᠴᠢᠬᠤᠯᠠ ᠶᠡᠭᠡ ᠴᠠᠭ ᠮᠥᠴᠡ ᠪᠠ ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ  ᠴᠡᠭ ᠲᠤ ᠰᠠᠭᠤᠷᠢᠯᠠᠵᠤ᠂ ᠲᠡᠦᠬᠡ᠂ ᠪᠣᠳᠠᠲᠤ ᠠᠬᠤᠶ᠂ ᠢᠷᠡᠭᠡᠳᠦᠶ ᠶᠢ ᠨᠡᠪᠲᠡᠷᠡᠭᠦᠯᠵᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠨᠡᠪᠲᠡᠷᠡᠭᠦᠯᠵᠦ᠂ ᠮᠠᠨ ᠤ ᠨᠠᠮ ᠤᠨ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠭᠡᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠢ ᠰᠠᠶᠢᠲᠤᠷ ᠠᠶᠠᠯᠠᠬᠤ ᠳᠤ ᠤᠷᠤᠭᠰᠢᠯᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠰᠦᠷ ᠳᠠᠯᠠᠶᠢᠴᠠᠲᠠᠢ᠂ ᠥᠷᠭᠡᠨ ᠳᠡᠯᠭᠡᠷ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠭᠦᠨ ᠬᠥᠮᠦᠵᠢᠯ ᠬᠦᠷᠳᠡᠵᠤ᠂ ᠭᠦᠨ ᠵᠣᠷᠢᠭᠵᠢᠭᠤᠯᠤᠯ ᠣᠯᠵᠤ᠂ ᠭᠦᠨ ᠰᠡᠩᠬᠡᠷᠡᠭᠦᠯᠦᠯ ᠣᠯᠤᠭᠰᠠᠨ ᠪᠠᠶᠢᠨ᠎ᠠ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠳᠡᠯᠡᠬᠡᠢ ᠶᠢᠨ ᠠᠴᠢ ᠬᠤᠯᠪᠣᠭᠳᠠᠯ ᠢ ᠰᠡᠳᠬᠢᠯ ᠲᠠᠯᠪᠢᠨ ᠣᠶᠢᠯᠠᠭᠠᠵᠤ᠂ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠬᠤ ᠬᠡᠷᠡᠭᠲᠡᠢ  ᠭᠡᠵᠡᠢ᠃            ᠵᠢᠶᠤᠤ ᠭᠠᠩ ᠸᠧᠢ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠰᠢᠨ᠎ᠡ ᠥᠷᠨᠢᠯᠲᠡ ᠶᠢ ᠪᠦᠬᠦ ᠲᠠᠯ᠎ᠠ ᠪᠠᠷ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃ ᠶᠡᠭᠡ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠰᠤᠷᠤᠯᠴᠠᠬᠤ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠢᠵᠢᠮ ᠪᠣᠯᠭᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠵᠤ᠂ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ ᠰᠢᠰᠲ᠋ᠧᠮ ᠲᠠᠢ ᠪᠣᠯᠪᠠᠰᠤᠷᠠᠭᠤᠯᠬᠤ ᠰᠤᠷᠤᠯᠴᠠᠬᠤ᠂ ᠤᠶᠠᠯᠳᠤᠭᠤᠯᠤᠨ ᠠᠭᠤᠰᠤᠯᠴᠠᠭᠤᠯᠤᠨ ᠰᠤᠷᠤᠯᠴᠠᠬᠤ ᠶᠢ ᠲᠤᠪᠤᠶᠢᠯᠭᠠᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠭᠦᠯᠵᠦ᠂ ᠡᠭᠦᠷᠭᠡ ᠬᠠᠷᠢᠭᠤᠴᠠᠯᠭ᠎ᠠ ᠶᠢ ᠰᠤᠷᠤᠯᠴᠠᠬᠤ᠂ ᠢᠲᠡᠭᠡᠯ ᠢ ᠰᠤᠷᠤᠯᠴᠠᠬᠤ᠂ ᠬᠠᠷᠢᠭᠤᠴᠠᠯᠭ᠎ᠠ ᠶᠢ ᠰᠤᠷᠤᠯᠴᠠᠬᠤ ᠶᠢ ᠪᠠᠲᠤᠯᠠᠨ᠎ᠠ᠃ ᠶᠡᠭᠡ ᠤᠬᠠᠭᠤᠯᠭ᠎ᠠ ᠶᠢ ᠰᠠᠶᠢᠲᠤᠷ ᠠᠳᠬᠤᠵᠤ᠂ ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠠᠵᠢᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ᠂ ᠥᠷᠭᠡᠨ ᠪᠦᠷᠬᠦᠴᠡ ᠲᠠᠢ ᠪᠠᠷ ᠰᠠᠶᠢᠲᠤᠷ ᠬᠢᠵᠦ᠂ ᠦᠨᠳᠦᠰᠦᠨ ᠱᠠᠲᠤᠨ ᠳᠤ ᠬᠠᠨᠳᠤᠭᠤᠯᠤᠭᠰᠠᠨ᠂ ᠤᠯᠠᠨ ᠲᠦᠮᠡᠨ ᠳᠤ ᠬᠠᠨᠳᠤᠭᠤᠯᠤᠭᠰᠠᠨ᠂ ᠳ᠋ᠦᠢᠰᠢᠶᠠᠩᠴᠢᠯᠠᠭᠰᠠᠨ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠤᠨ ᠲᠠᠶᠢᠯᠪᠤᠷᠢᠯᠠᠯᠲᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠦᠨᠡᠨᠬᠦ ᠵᠠᠯᠭᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠶᠡᠭᠡ ᠲᠤᠤᠱᠯᠠᠭᠤᠯᠤᠯᠲᠠ ᠶᠢ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠨᠠᠮ ᠤᠨ ᠭᠡᠰᠢᠭᠦᠨ ᠳᠤ  ᠣᠷᠢᠶᠠᠯᠠᠭᠰᠠᠨ ᠤᠷᠢᠶᠠᠯᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠠᠴᠠ ᠡᠬᠢᠯᠡᠨ  ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠠᠴᠠ ᠡᠬᠢᠯᠡᠨ ᠬᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠬᠦᠴᠢᠷ ᠠᠰᠠᠭᠤᠳᠠᠯ ᠢ   ᠰᠢᠢᠳᠪᠦᠷᠢᠯᠡᠵᠦ ᠥᠭᠬᠦ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠯ᠎ᠡ  ᠵᠦᠢᠯ ᠤᠨ ᠠᠵᠢᠯ ᠢ ᠳᠥᠯᠭᠢᠨ ᠠᠬᠢᠭᠤᠯᠬᠤ ᠲᠠᠢ ᠤᠶᠠᠯᠳᠤᠭᠤᠯᠵᠤ᠂ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠢ ᠤᠶᠠᠯᠳᠤᠭᠤᠯᠵᠤ᠂ ᠨᠠᠮ ᠤᠨ ᠠᠴᠢ ᠲᠤᠰᠠ ᠶᠢ  ᠪᠠᠲᠣ ᠴᠡᠭᠡᠵᠢᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠳᠤ ᠵᠠᠯᠠᠨ ᠠᠶᠢᠯ ᠤᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号