ᠬᠤᠲᠠ ᠶᠢᠨ ᠠᠷᠠᠳ ᠤᠨ ᠲᠥᠯᠥᠭᠡᠯᠡᠭᠴᠢᠳ  ᠮᠠᠨ ᠤ ᠬᠤᠲᠠ ᠶᠢᠨ ︽ᠬᠥᠯᠥᠨ ᠪᠤᠶᠢᠷ ᠬᠤᠲᠠ ᠶᠢᠨ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾  ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/7/12
 
   7 ᠰᠠᠷ᠎ᠠ ᠶᠢᠨ 7      ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠬᠥᠯᠥᠨ ᠪᠤᠶᠢᠷ ᠬᠤᠲᠠ ᠶᠢᠨ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾  ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠥᠩ ᠯᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠨᠡᠷ᠎ᠡ ᠳᠤᠷᠠᠳᠬᠤ ᠵᠢᠱᠢᠭᠳᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠢᠨ ᠨᠡᠷ᠎ᠡ ᠳᠤᠷᠠᠳᠬᠤ ᠵᠢᠱᠢᠭᠳᠡᠭᠴᠢ ᠯᠢ ᠶᠠᠨ ᠯᠢᠩ ᠪᠠᠶᠢᠴᠠᠭᠠᠯᠲᠠ ᠳᠤ ᠣᠷᠣᠯᠴᠠᠪᠠ᠃        ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠤᠯ ᠨᠣᠬᠠᠶ ᠶᠢᠨ ᠰᠠᠭᠤᠷᠢᠨ ᠭᠠᠵᠠᠷ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠭᠠᠯᠵᠠᠭᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠶᠢᠨ ᠭᠠᠵᠠᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠠᠯᠵᠠᠭᠤ ᠡᠪᠡᠳᠴᠢᠨ ᠢ ᠰᠡᠷᠭᠡᠶᠢᠯᠡᠨ ᠰᠢᠢᠳᠪᠦᠷᠢᠯᠡᠬᠦ ᠡᠭᠦᠳᠡᠨ ᠡᠮᠨᠡᠯᠭᠡ ᠳᠤ ᠭᠦᠨᠵᠡᠭᠡᠶᠢᠷᠡᠵᠦ᠂ ᠴᠠᠭᠳᠠᠭᠤᠯ ᠨᠣᠬᠠᠶ ᠶᠢᠨ ᠪᠣᠯᠪᠠᠰᠤᠷᠠᠯ᠂ ᠬᠠᠮᠢᠶᠠᠷᠤᠯᠲᠠ᠂ ᠠᠷᠠᠴᠢᠯᠠᠯᠲᠠ᠂ ᠭᠠᠯᠵᠠᠭᠤ ᠨᠣᠬᠠᠶ ᠶᠢᠨ ᠸᠠᠺᠼᠢᠨ ᠤ ᠲᠠᠷᠢᠯᠭ᠎ᠠ ᠵᠡᠷᠭᠡ ᠪᠠᠶᠢᠳᠠᠯ ᠢ ᠣᠶᠢᠯᠠᠭᠠᠵᠤ᠂ ᠬᠤᠲᠠ ᠶᠢᠨ ᠨᠣᠬᠠᠶ ᠶᠢᠨ ᠡᠭᠡᠯᠢᠯᠡᠭᠡ᠂ ᠨᠣᠬᠠᠶ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠵᠢᠭ ᠢ ᠰᠡᠷᠭᠡᠶᠢᠯᠡᠬᠦ ᠨᠥᠬᠦᠴᠡᠯ ᠤᠨ ᠪᠠᠶᠢᠴᠠᠭᠠᠯᠲᠠ᠂ ᠭᠠᠯᠵᠠᠭᠤ ᠡᠪᠡᠳᠴᠢᠨ ᠵᠡᠷᠭᠡ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠬᠥᠮᠦᠰ ᠢ ᠠᠪᠤᠷᠠᠨ ᠵᠠᠰᠠᠬᠤ᠂ ᠭᠠᠯᠵᠠᠭᠤ ᠨᠣᠬᠠᠶ ᠶᠢᠨ ᠸᠠᠺᠼᠢᠨ ᠢ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠶᠠᠷᠢᠯᠴᠠᠬᠤ ᠬᠤᠷᠠᠯ ᠳᠡᠭᠡᠷ᠎ᠡ ᠬᠤᠳᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ  ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃          ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ  ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠠᠯᠲᠠ ᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ︽ᠲᠦᠷᠢᠮ᠂ ᠬᠠᠮᠢᠶᠠᠷᠤᠯᠲᠠ᠂  ᠦᠢᠯᠡᠴᠢᠯᠡᠭᠡ᠂ ᠤᠬᠠᠭᠤᠯᠭ᠎ᠠ︾ ᠵᠡᠷᠭᠡ ᠳᠥᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ︽ᠬᠠᠮᠢᠶᠠᠷᠤᠯᠲᠠ ᠶᠢᠨ ᠲᠦᠷᠢᠮ︾ ᠢ  ᠰᠠᠶᠢᠳᠣᠷ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃  ᠨᠣᠬᠠᠶ ᠶᠢ ᠥᠯᠥ ᠬᠠᠯᠳᠠᠭᠠᠬᠤ᠂ ᠳᠠᠩᠰᠠᠯᠠᠬᠤ᠂ ᠨᠣᠬᠠᠶ ᠲᠡᠵᠢᠭᠡᠬᠦ ᠬᠠᠮᠢᠶᠠᠷᠤᠯᠲᠠ᠂ ᠭᠠᠯᠵᠠᠭᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠪᠠᠯᠭᠠᠰᠤ ᠶᠢᠨ ᠨᠣᠬᠠᠶ ᠲᠡᠵᠢᠭᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠳᠠᠶᠢᠴᠢᠯᠠᠨ ᠪᠣᠯᠪᠠᠰᠤᠨ ᠪᠤᠰᠤ ᠨᠣᠬᠠᠶ ᠲᠡᠵᠢᠭᠡᠬᠦ  ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠶ᠃ ᠨᠣᠬᠠᠶ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠬᠡᠨ ᠪᠠᠶᠢᠭᠤᠯᠵᠤ᠂ ᠭᠠᠯᠵᠠᠭᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠨᠣᠬᠠᠶ ᠶᠢᠨ ᠭᠠᠯᠵᠠᠭᠤ ᠡᠪᠡᠳᠴᠢᠨ ᠢ ᠠᠯᠪᠠᠳᠠᠯᠭ᠎ᠠ ᠪᠠᠷ ᠥᠯᠥ ᠬᠠᠯᠳᠠᠭᠠᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠠᠷᠠᠳ ᠤᠨ ᠬᠠᠤᠯᠢ ᠶᠣᠰᠣᠭᠠᠷ ᠨᠣᠬᠠᠶ ᠲᠡᠵᠢᠭᠡᠬᠦ᠂ ᠪᠣᠯᠪᠠᠰᠤᠨ ᠢᠶᠠᠷ ᠨᠣᠬᠠᠶ ᠲᠡᠵᠢᠭᠡᠬᠦ᠂ ᠠᠮᠤᠷ ᠲᠦᠪᠰᠢᠨ ᠢᠶᠠᠷ ᠨᠣᠬᠠᠶ ᠲᠡᠵᠢᠭᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠤᠲᠠ ᠶᠢᠨ ᠪᠣᠯᠪᠠᠰᠤᠨ ᠪᠠ ᠨᠡᠶᠢᠭᠡᠮ ᠤᠨ ᠡᠮᠬᠢ ᠳᠢᠭᠯᠢᠮ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ   ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号