ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠪᠠ ᠨᠠᠰᠤᠲᠠᠶᠢᠴᠤᠳ ᠤᠨ | ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠡᠨᠬᠦ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠡᠷᠡᠭᠦᠯᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠠᠮᠢᠳᠤᠷᠠᠯ ᠳᠤ ᠠᠰᠢᠭᠲᠠᠶ ᠨᠡᠶᠢᠭᠡᠮ ᠤᠨ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠹᠠᠨ ᠷᠥᠩ ᠵᠡᠭᠡᠯᠢ ᠭᠤᠳᠤᠮᠵᠢ ᠶᠢᠨ ᠰᠢᠨ ᠹᠧᠩ ᠨᠡᠶᠢᠭᠡᠮ | ᠲᠣᠭᠤᠷᠢᠭ ᠠᠴᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ᠂ ᠡᠷᠡᠭᠦᠯ ᠮᠡᠨᠳᠦ ᠶᠢᠨ ᠬᠥᠮᠦᠵᠢᠯ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠡᠢ᠃ | | ᠠᠵᠢᠯᠯᠠᠭᠠᠨ ᠤ ᠳᠤᠮᠳᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠳᠡᠳ᠋ ᠡᠷᠬᠢᠯᠡᠭᠴᠢ ᠡᠮᠴᠢ ︽ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠩᠬᠠᠷᠴᠤ ᠂ ᠦᠲᠡᠯᠦᠭᠡ ᠨᠠᠰᠣᠨ ᠤ ᠵᠣᠯ | ᠵᠢᠷᠭᠠᠯ ᠢᠶᠠᠨ ᠡᠳ᠋ᠯᠡᠶ᠎ᠡ︾ ᠪᠠᠷ ᠭᠤᠣᠯ ᠰᠡᠳᠦᠪ ᠪᠣᠯᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠣᠬᠠᠢ | ᠲᠥᠷᠥ ᠶᠢᠨ ᠪᠣᠳᠣᠯᠭ᠎ᠠ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠨᠠᠰᠤᠲᠠᠶᠢᠴᠤᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠬᠤ ᠪᠠᠷ ᠠᠵᠢᠯᠯᠠᠭᠠᠨ ᠤ | ᠭᠤᠤᠯ ᠠᠭᠤᠯᠭ᠎ᠠ ᠪᠣᠯᠭᠠᠵᠤ᠂ ᠠᠮᠠᠨ ᠬᠥᠨᠳᠡᠶ ᠶᠢᠨ ᠡᠷᠡᠭᠦᠯ ᠮᠡᠨᠳᠦ ᠬᠢᠭᠡᠳ ᠪᠥᠬᠦ ᠪᠡᠶ᠎ᠡ ᠶᠢᠨ ᠡᠷᠡᠭᠦᠯ ᠮᠡᠨᠳᠦ ᠶᠢᠨ | ᠬᠠᠷᠢᠴᠠᠭ᠎ᠠ ᠶᠢ ᠤᠬᠠᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠰᠤᠲᠠᠶᠢᠴᠤᠳ ᠤᠨ ᠰᠢᠳᠦ | ᠬᠤᠷᠣᠬᠠᠶᠢᠲᠤᠬᠤ᠂ ᠰᠢᠳᠦᠨ ᠲᠣᠭᠤᠷᠢᠨ ᠤ ᠡᠪᠡᠳᠴᠢᠨ᠂ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠶᠢᠨ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠢᠴᠢ ᠬᠢᠮᠡᠯ ᠰᠢᠳᠦ ᠶᠢ ᠵᠠᠰᠠᠨ ᠰᠡᠷᠭᠦᠭᠡᠬᠦ ᠵᠡᠷᠭᠡ ᠮᠡᠳᠡᠯᠭᠡ ᠶᠢ | ᠲᠠᠶᠢᠯᠪᠤᠷᠢᠯᠠᠵᠤ ᠦᠭᠴᠡᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠰᠢᠳᠦᠨ | ᠲᠣᠭᠤᠷᠢᠨ ᠢ ᠪᠠᠶᠢᠴᠠᠭᠠᠬᠤ᠂ ᠴᠢᠰᠤᠨ ᠳᠠᠷᠤᠯᠲᠠ ᠶᠢ ᠬᠡᠮᠵᠢᠬᠦ᠂ ᠡᠷᠡᠭᠦᠯᠵᠢᠭᠦᠯᠬᠦ ᠹᠢᠽᠢᠺ ᠤᠨ ᠵᠠᠰᠠᠯ᠂ ᠴᠢᠰᠤᠨ | ᠰᠢᠬᠢᠷ ᠢ ᠬᠢᠨᠠᠨ ᠬᠡᠮᠵᠢᠬᠦ ᠵᠡᠷᠭᠡᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠨᠠᠰᠤᠲᠠᠶᠢᠴᠤᠳ ᠲᠤ ᠡᠷᠡᠭᠦᠯ | ᠮᠡᠨᠳᠦ ᠶᠢᠨ ᠬᠠᠮᠢᠶᠠᠷᠤᠯᠲᠠ᠂ ᠨᠠᠰᠤᠲᠠᠶᠢᠴᠤᠳ ᠤᠨ ᠡᠷᠡᠭᠦᠯ ᠮᠡᠨᠳᠦ ᠬᠢᠭᠡᠳ ᠡᠮᠴᠢᠯᠡᠭᠡ ᠰᠤᠪᠢᠯᠠᠯᠲᠠ ᠶᠢ | ᠤᠶᠠᠯᠳᠤᠭᠤᠯᠬᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ | ᠬᠤᠯᠪᠣᠭᠳᠠᠯ ᠪᠥᠬᠦᠶ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ | ᠨᠠᠰᠤᠲᠠᠶᠢᠴᠤᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠥᠭᠴᠡᠶ᠃ | | ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠵᠠᠯᠭᠠᠭᠠᠳ ᠰᠢᠨ ᠹᠧᠩ ᠨᠡᠶᠢᠭᠡᠮ | ᠲᠣᠭᠤᠷᠢᠭ ᠤᠨ ᠬᠢᠨ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ | ᠨᠠᠰᠤᠲᠠᠶᠢᠴᠤᠳ ᠢ ᠬᠦᠨᠳᠦᠯᠡᠬᠦ᠂ ᠨᠠᠰᠤᠲᠠᠶᠢᠴᠤᠳ ᠢ ᠬᠠᠶᠢᠷᠠᠯᠠᠬᠤ᠂ ᠨᠠᠰᠤᠲᠠᠶᠢᠴᠤᠳ ᠢ ᠬᠠᠪᠰᠤᠷᠬᠤ ᠨᠡᠶᠢᠭᠡᠮ | ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠨ᠎ᠠ ᠃ | |