ᠲᠦᠭᠡᠭᠡᠯ ᠤᠰᠤᠨ ᠤ ᠺᠣᠮᠫᠠᠨᠢ᠄ ᠨᠠᠮ ᠤᠨ ᠲᠡᠤᠬᠡ ᠶᠢ ᠰᠤᠷᠤᠯᠴᠠᠨ ᠦᠵᠡᠯ ᠰᠠᠨᠠᠭ᠎ᠠ  ᠶᠢ ᠨᠢ ᠣᠶᠢᠯᠠᠭᠠᠵᠤ᠂  ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/7/16
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠢ  ᠦᠷᠨᠢᠭᠦᠯᠬᠦ ᠶᠢ ᠲᠠᠭᠠᠯᠳᠤᠨ᠂ ᠲᠦᠭᠡᠭᠡᠯ ᠤᠰᠤᠨ ᠤ ᠺᠣᠮᠫᠠᠨᠢ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠨᠡᠨ ᠰᠡᠳᠬᠢᠯ ᠠᠴᠠ ᠪᠠᠨ ᠬᠡᠷᠡᠭᠯᠡᠭᠴᠢᠳ ᠲᠤ ᠦᠢᠯᠡᠴᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠺᠣᠮᠫᠠᠨᠢ ᠶᠢᠨ ᠪᠦᠬᠦ ᠨᠠᠮ ᠤᠨ ᠭᠡᠰᠢᠭᠦᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠬᠤᠰᠢᠭᠤᠴᠢ ᠶᠢᠨ ᠤᠤᠷ ᠴᠢᠨᠠᠷ ᠢᠶᠠᠨ ᠴᠠᠭ ᠢᠮᠠᠭᠲᠠ ᠢᠯᠡᠷᠡᠭᠦᠯᠬᠦ ᠶᠢ ᠢᠳᠡᠪᠬᠢᠲᠡᠢ ᠬᠦᠳᠦᠯᠦᠨ ᠵᠢᠯᠣᠭᠤᠳᠪᠠ᠃ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠤᠢᠢᠯᠠᠭᠠᠭᠰᠠᠨ ᠦᠷ᠎ᠡ ᠪᠦᠲᠦᠮᠵᠢ ᠶᠢ ᠪᠣᠳᠠᠲᠤ ᠶᠠᠪᠤᠳᠠᠯ ᠢ ᠪᠦᠲᠦᠭᠡᠬᠦ᠂ ᠰᠢᠨ᠎ᠡ ᠪᠠᠶᠢᠳᠠᠯ ᠢ ᠨᠡᠭᠡᠭᠡᠬᠦ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃      ᠪᠣᠳᠠᠲᠠᠶ ᠠᠵᠢᠯ ᠤᠨ ᠳᠤᠮᠳᠠ᠂ ᠺᠣᠮᠫᠠᠨᠢ ᠶᠢᠨ ᠭᠠᠳᠠᠭᠠᠳᠤ ᠳᠤ  ᠦᠢᠯᠡᠴᠢᠯᠡᠬᠦ ᠠᠵᠢᠯᠲᠠᠨ ᠪᠡᠶ᠎ᠡ ᠶᠢᠨ ᠭᠠᠷᠤᠯ ᠢᠶᠠᠨ ᠢᠯᠡᠷᠡᠭᠦᠯᠬᠦ᠂ ᠨᠠᠮ ᠤᠨ ᠰᠦᠯᠳᠡ ᠪᠠ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠡᠮᠳᠡᠭ ᠢ ᠵᠡᠭᠦᠬᠦ ᠠᠷᠭ᠎ᠠ ᠮᠠᠶ᠋ᠢᠭ   ᠢᠶᠠᠷ᠂ ᠺᠣᠮᠫᠠᠨᠢ ᠶᠢᠨ ᠰᠢᠯᠢᠳᠡᠭ ᠦᠢᠯᠡᠴᠢᠯᠡᠭᠡᠨ ᠤ ᠳᠦᠷᠢ ᠲᠥᠷᠬᠦ ᠶᠢ ᠪᠣᠶ ᠪᠣᠯᠭᠠᠬᠤ ᠶᠢᠨ ᠬᠠᠮᠲᠤ ᠣᠯᠠᠨ ᠲᠦᠮᠡᠨ ᠤ ᠬᠢᠨᠠᠯᠲᠠ ᠶᠢ ᠥᠷᠭᠡᠨ ᠢᠶᠠᠷ  ᠬᠦᠯᠢᠶᠡᠵᠡᠢ  ᠃ ᠺᠣᠮᠫᠠᠨᠢ ᠶᠢᠨ ᠡᠵᠡᠩᠨᠡᠯᠲᠡ ᠶᠢᠨ  ᠰᠦᠢᠳᠭᠡᠯ ᠬᠤᠷᠢᠶᠠᠬᠤ ᠲᠢᠩᠬᠢᠮ ᠳᠤ ᠰᠠᠶᠢᠨ ᠳᠤᠷ᠎ᠠ ᠶᠢᠨ  ᠦᠢᠯᠡᠴᠢᠯᠡᠭᠡᠨ ᠤ ᠥᠷᠲᠡᠭᠡ᠂ ᠠᠷᠠᠳ ᠲᠤ ᠲᠥᠬᠦᠮ ᠦᠵᠡᠭᠦᠯᠬᠦ  ᠴᠡᠭ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠪᠠᠶᠢᠷᠢ ᠭᠠᠷᠭᠠᠵᠤ᠂ ᠬᠡᠷᠡᠭᠯᠡᠭᠴᠢᠳ ᠲᠤ ᠵᠢᠷᠤᠮᠵᠢᠭᠰᠠᠨ ᠳᠥᠭᠦᠮ ᠳᠥᠲᠡ ᠰᠢᠯᠢᠳᠡᠭ  ᠦᠢᠯᠡᠴᠢᠯᠡᠭᠡ ᠬᠠᠩᠭᠠᠵᠠᠢ᠃     ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠤ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠨᠠᠮ ᠤᠨ ᠭᠡᠰᠢᠭᠦᠨ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠶᠢᠨ ᠬᠠᠮᠲᠤ ᠪᠠᠰᠠ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠦᠨᠡᠨ ᠪᠣᠳᠠᠲᠠᠶ ᠪᠠᠷ ᠢᠯᠡᠷᠡᠭᠦᠯᠵᠦ᠂ ᠡᠭᠦᠨ ᠤ ᠤᠯᠠᠮ ᠢᠶᠠᠷ ᠰᠢᠯᠢᠳᠡᠭ ᠦᠢᠯᠡᠴᠢᠯᠡᠭᠡᠨ ᠤ ᠬᠢᠷᠢ ᠲᠦᠪᠰᠢᠨ ᠢᠶᠠᠨ ᠨᠠᠩ ᠰᠠᠶᠢᠨ ᠳᠡᠭᠡᠭᠰᠢᠯᠡᠭᠦᠯᠵᠦ᠂ ᠲᠦᠭᠡᠭᠡᠯ ᠤᠰᠤᠨ ᠤ ᠺᠣᠮᠫᠠᠨᠢ ᠶᠢᠨ ᠬᠡᠷᠡᠭᠯᠡᠭᠴᠢᠳ ᠤᠨ ᠡᠯ᠎ᠡ ᠵᠦᠢᠯ ᠤᠨ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ  ᠰᠢᠢᠳᠪᠦᠷᠢᠯᠡᠬᠦ ᠪᠠ ᠬᠡᠷᠡᠭᠯᠡᠭᠴᠢᠳ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠬᠤ ᠤᠰᠤ ᠬᠠᠩᠭᠠᠬᠤ  ᠦᠢᠯᠡᠴᠢᠯᠡᠭᠡ ᠶᠢ ᠤᠯᠠᠮ ᠨᠢᠭᠡ ᠠᠯᠬᠤᠮ ᠪᠠᠬᠢᠵᠢᠭᠦᠯᠪᠡ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号