ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠦᠶᠡᠷ ᠢ ᠰᠡᠷᠭᠡᠶᠢᠯᠡᠬᠦ ᠪᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/7/16
   
     7 ᠰᠠᠷ᠎ᠠ ᠶᠢᠨ 12      ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠤᠷᠢᠳ ᠬᠤᠵᠢᠳ ᠰᠢᠶᠠᠩ ᠶᠠᠩ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ ᠤᠨ ᠦᠶᠡᠷ ᠵᠠᠯᠠᠬᠤ ᠰᠤᠪᠠᠭ᠂ ᠶᠠᠯᠦ ᠭᠤᠤᠯ ᠤᠨ ᠬᠠᠰᠢᠯᠭ᠎ᠠ᠂ ᠶᠠᠩ ᠴᠢ ᠱᠠᠨ ᠤᠰᠤᠨ ᠴᠥᠭᠦᠷᠥᠮ᠂   ᠸᠧ ᠨᠢᠤ ᠾᠧ ᠪᠠᠯᠭᠠᠰᠤᠨ ᠤ ᠳ᠋ᠠ ᠪᠠ ᠲᠣᠰᠬᠤᠨ ᠤ ᠡᠯ ᠳ᠋ᠤᠤ ᠾᠧ ᠭᠤᠤᠯ ᠵᠡᠷᠭᠡ ᠭᠠᠵᠠᠷ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠪᠠ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠬᠤᠷᠠᠯ  ᠬᠤᠷᠠᠯᠳᠤᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃           ᠵᠢᠶᠤᠤ ᠭᠠᠩ ᠸᠧᠶ ᠵᠢᠭᠠᠵᠤ ᠭᠠᠷᠭᠠᠭᠰᠠᠨ ᠨᠢ᠂ ᠡᠨᠡ ᠵᠢᠯ ᠮᠠᠨ ᠤ ᠬᠤᠲᠠ ᠶᠢᠨ ᠦᠶᠡᠷ ᠤᠨ ᠬ᠊‍ᠤᠭᠤᠴᠠᠭ᠎ᠠ ᠥᠩᠭᠡᠷᠡᠭᠰᠡᠨ ᠵᠢᠯ ᠤᠳ ᠠᠴᠠ ᠤᠷᠢᠳᠴᠢᠯᠠᠵᠤ᠂ 6 ᠰᠠᠷ᠎ᠠ ᠠᠴᠠ ᠨᠠᠰᠢ ᠪᠦᠬᠦ ᠬᠤᠲᠠ ᠶᠢᠨ ᠬᠤᠷ᠎ᠠ ᠲᠤᠨᠳᠠᠰᠤᠨ ᠤ ᠬᠡᠮᠵᠢᠶ᠎ᠡ ᠶᠡᠷᠦᠩᠬᠡᠶ ᠳᠡᠭᠡᠨ ᠠᠷᠪᠢᠨ ᠪᠥᠭᠡᠳ ᠲᠥᠪᠯᠡᠷᠡᠵᠦ᠂ ᠣᠳᠣᠬᠠᠨ ᠳᠤ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠵᠤ᠂ ᠪᠦᠬᠦ ᠬᠤᠲᠠ ᠪᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠬᠤᠷᠢᠭ᠎ᠠ ᠱᠤᠭᠤᠮ ᠢ ᠪᠠᠲᠤ ᠪᠤᠢ ᠪᠣᠯᠭᠠᠬᠤ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ︽ᠶᠡᠭᠡ ᠦᠶᠡᠷ ᠢ ᠰᠡᠷᠭᠡᠶᠢᠯᠡᠬᠦ᠂ ᠶᠡᠭᠡ ᠭᠠᠮᠰᠢᠭ ᠢ ᠡᠰᠡᠷᠭᠦᠴᠡᠬᠦ᠂ ᠶᠡᠭᠡ ᠠᠶᠤᠯ ᠢ  ᠵᠠᠪᠳᠣᠨ  ᠰᠡᠷᠭᠡᠶᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃         ᠵᠢᠶᠤᠤ ᠭᠠᠩ ᠸᠧᠶ ᠱᠠᠭᠠᠷᠳᠠᠭᠰᠠᠨ ᠨᠢ᠂ ᠰᠡᠷᠭᠡᠶᠢᠯᠡᠬᠦ ᠪᠠᠷ ᠭᠤᠤᠯ ᠪᠣᠯᠭᠠᠵᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠰᠤᠳᠤᠯᠤᠨ ᠮᠠᠭᠠᠳᠯᠠᠵᠤ ᠵᠥᠪᠳᠡᠯᠴᠡᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠠᠵᠢᠯ  ᠢ ᠪᠠᠲᠤ ᠡᠵᠡᠮᠳᠡᠬᠦ ᠬᠡᠷᠡᠭᠲᠡᠶ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠡᠯ᠎ᠡ ᠰᠢᠶᠠᠩ ᠪᠠᠯᠭᠠᠰᠤ᠂ ᠠᠶᠢᠯ ᠲᠣᠰᠬᠤᠨ ᠬᠠᠷᠢᠶ᠎ᠠ ᠣᠷᠣᠨ ᠤ ᠪᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠰᠤᠪᠠᠭ ᠵᠡᠷᠭᠡ ᠤᠰᠤ ᠲᠠᠲᠠᠷᠠᠭᠤᠯᠬᠤ ᠪᠡᠯᠡᠳᠬᠡᠮᠵᠢ ᠶᠢᠨ ᠬᠤᠷᠠᠭᠰᠠᠨ ᠢ ᠴᠡᠪᠡᠷᠯᠡᠬᠦ᠂ ᠲᠣᠭᠤᠷᠢᠨ ᠪᠠᠶᠢᠴᠠᠭᠠᠬᠤ᠂ ᠪᠠᠶᠢᠴᠠᠭᠠᠨ ᠵᠠᠰᠠᠬᠤ ᠶᠢ ᠴᠢᠩᠭᠠᠷᠠᠭᠤᠯᠵᠤ᠂ ᠤᠰᠤ ᠲᠠᠲᠠᠷᠠᠭᠤᠯᠬᠤ ᠶᠢᠨ ᠠᠶᠤᠯ ᠦᠭᠡᠢ ᠰᠠᠭᠠᠳ ᠦᠭᠡᠢ ᠪᠠᠶᠢᠬᠤ ᠶᠢ ᠪᠠᠲᠤᠯᠠᠨ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠤᠰᠤᠲᠤᠯ ᠡᠭᠦᠰᠬᠦ ᠶᠢ ᠴᠢᠩᠭ᠎ᠠ ᠰᠡᠷᠭᠡᠶᠢᠯᠡᠵᠦ᠂   ᠪᠣᠰᠣᠳ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠤᠰᠤᠨ ᠴᠥᠭᠦᠷᠥᠮ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠤᠰᠤᠨ ᠴᠥᠭᠦᠷᠥᠮ ᠤᠨ ᠬᠠᠰᠢᠯᠭ᠎ᠠ ᠶᠢᠨ ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠪᠠ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠤᠨ ᠠᠶᠤᠯᠭᠦᠶ ᠪᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠥᠬᠦ ᠬᠤᠲᠠ ᠶᠢᠨ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠦᠢᠯᠡᠳᠦᠯ ᠢᠶᠠᠨ  ᠭᠦᠢᠴᠡᠳ ᠪᠠᠳᠠᠷᠠᠭᠤᠯᠵᠤ᠂ ︽ᠳᠥᠷᠪᠡᠨ  ᠵᠦᠢᠯ ᠤᠨ ᠰᠠᠮᠠᠭᠤᠷᠠᠯ ᠢ ᠠᠷᠢᠯᠭᠠᠬᠤ︾ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠬᠠᠰᠢᠯᠭ᠎ᠠ ᠳᠠᠯᠠᠩ ᠵᠡᠷᠭᠡ ᠭᠤᠤᠯᠳᠠᠯᠭ᠎ᠠ ᠲᠠᠢ ᠬᠡᠰᠡᠭ ᠲᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠢᠭᠤᠴᠠᠯᠠᠨ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠭᠦᠷᠭᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃         ᠵᠢᠶᠤᠤ ᠭᠠᠩ ᠸᠧᠶ ᠱᠠᠭᠠᠷᠳᠠᠭᠰᠠᠨ ᠨᠢ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠭᠤᠯᠤᠨ ᠲᠥᠪᠬᠢᠨᠡᠭᠦᠯᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠳ᠋ ᠪᠣᠳᠠᠰ ᠨᠥᠭᠡᠴᠡᠯᠡᠬᠦ ᠵᠡᠷᠭᠡ ᠠᠵᠢᠯ ᠢ  ᠭᠦᠢᠴᠡᠳ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠦᠶᠡᠷ ᠢ ᠰᠡᠷᠭᠡᠶᠢᠯᠡᠬᠦ ᠪᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠳᠠᠭᠤᠳᠠᠪᠠᠯ ᠢᠷᠡᠬᠦ᠂ ᠢᠷᠡᠪᠡᠯ ᠪᠠᠶᠢᠯᠳᠤᠬᠤ᠂ ᠪᠠᠶᠢᠯᠳᠤᠪᠠᠯ ᠢᠯᠠᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠲᠣᠣᠷ ᠤᠨ ᠳᠠᠷᠤᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠣᠨᠴᠠᠭᠠᠢ ᠴᠠᠭ ᠠᠭᠤᠷ ᠢ ᠠᠷᠭᠠᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ  ᠭᠡᠵᠡᠢ  ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号