6 ᠰᠠᠷ᠎ᠠ ᠶᠢᠨ 9 ᠤ ᠡᠳᠦᠷ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠣᠯᠤᠨ | ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠢᠰᠤ ᠦᠢᠯᠡᠳᠬᠦ ᠭᠤᠤᠯ ᠡᠰ ᠤᠨ ᠴᠢᠰᠤᠨ ᠤ ᠥᠯᠢᠭᠡᠷ | ᠴᠤᠭᠯᠠᠭᠤᠯᠬᠤ ᠪᠠ ᠦᠨ᠎ᠡ ᠲᠥᠯᠥᠪᠦᠷᠢ ᠥᠬᠡᠶ ᠪᠠᠷ ᠴᠢᠰᠤ ᠥᠭᠬᠦ ᠠᠵᠢᠯᠯᠠᠭ᠎ᠠ ᠥᠷᠨᠢᠭᠦᠯᠵᠦ᠂ ︽ᠪᠢ ᠣᠯᠠᠨ | ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠱᠠᠭᠠᠷᠳᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ︽ᠬᠠᠶᠢᠷ᠎ᠠ︾ ᠬᠠᠨᠳᠢᠪᠯᠠᠪᠠ᠃ | | ᠠᠵᠢᠯᠯᠠᠭ᠎ᠠ ᠶᠢᠨ ᠳᠤᠮᠳᠠ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ | ᠭᠡᠰᠢᠭᠦᠨ ᠺᠠᠳ᠋ᠷ ᠵᠢᠴᠢ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢᠨ ᠬᠢᠨ ᠢᠳᠡᠪᠬᠢᠲᠡᠶ ᠪᠠᠷ ᠬᠦᠷᠦᠯᠴᠡᠨ | ᠣᠷᠣᠯᠴᠠᠵᠤ᠂ ᠪᠦᠬᠦ᠋ᠢᠯᠡ ᠶᠠᠪᠤᠴᠠ ᠳᠤ ᠡᠶ᠎ᠡ ᠵᠣᠬᠢᠴᠠᠯ ᠂ ᠡᠮᠬᠢ ᠳᠢᠭᠯᠢᠮ ᠲᠠᠢ ᠪᠠᠶᠢᠯ᠎ᠠ᠃ ᠴᠢᠰᠤ ᠪᠦᠲᠦᠭᠡᠬᠦ | ᠭᠤᠣᠯ ᠡᠰ ᠤᠨ ᠴᠢᠰᠤᠨ ᠤ ᠦᠯᠢᠭᠡᠷ ᠠᠪᠬᠤ ᠪᠠ ᠦᠨ᠎ᠡ ᠲᠥᠯᠥᠪᠦᠷᠢ ᠦᠭᠡᠶ ᠪᠠᠷ ᠴᠢᠰᠤ ᠥᠭᠬᠦ ᠬᠥᠮᠦᠰ ᠡᠮᠴᠢ | ᠰᠤᠪᠢᠯᠠᠭᠴᠢ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ ᠳᠤᠮᠳᠠᠳᠤ ᠤᠯᠤᠰ ᠤᠨ ᠴᠢᠰᠤ ᠦᠢᠯᠡᠳᠬᠦ ᠭᠤᠤᠯ | ᠡᠰ ᠤᠨ ᠬᠠᠨᠳᠢᠪᠯᠠᠭᠴᠢ ᠶᠢᠨ ᠮᠠᠲ᠋ᠧᠷᠢᠶᠠᠯ ᠤᠨ ᠬᠥᠮᠥᠷᠭᠡ᠂ ᠳᠤᠮᠳᠠᠳᠤ ᠶᠢᠨ ᠴᠢᠮᠥᠭᠡᠨ ᠬᠥᠮᠥᠷᠭᠡ ᠶᠢᠨ ᠬᠥᠮᠥᠷᠭᠡ ᠳᠤ | ᠣᠷᠣᠭᠤᠯᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠳᠡᠩᠰᠡᠯᠡᠯᠲᠡ ᠶᠢᠨ ᠬᠦᠰᠦᠨᠦᠭᠲᠦ᠂ ᠦᠨ᠎ᠡ ᠲᠥᠯᠥᠪᠦᠷᠢ | ᠥᠬᠡᠶ ᠪᠠᠷ ᠴᠢᠰᠤ ᠬᠠᠨᠳᠢᠪᠯᠠᠬᠤ ᠳᠡᠩᠰᠡᠯᠡᠯᠲᠡ ᠶᠢᠨ ᠬᠦᠰᠦᠨᠦᠭᠲᠦ ᠪᠣᠯᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠠᠮᠢᠶ᠎ᠠ ᠪᠥᠬᠦᠶ ᠡᠷᠡᠭᠦᠯ ᠮᠡᠨᠳᠦ ᠶᠢᠨ ᠪᠠᠶᠢᠳᠠᠯ ᠤᠨ ᠠᠰᠠᠭᠤᠨ ᠯᠠᠪᠯᠠᠬᠤ ᠬᠦᠰᠦᠨᠦᠭᠲᠦ ᠵᠡᠷᠭᠡ ᠶᠢ | ᠲᠠᠭᠯᠠᠵᠤ᠂ ᠡᠮᠴᠢ ᠰᠤᠪᠢᠯᠠᠭᠴᠢ ᠠᠴᠠ ᠴᠢᠰᠤ ᠦᠢᠯᠡᠳᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ | ᠪᠠ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠳᠤ ᠣᠷᠣᠯᠴᠠᠬᠤ ᠳᠤ ᠴᠢᠰᠤ ᠰᠣᠷᠣᠭᠤᠯᠬᠤ ᠪᠠᠶᠢᠴᠠᠭᠠᠯᠲᠠ | ᠬᠢᠵᠦ᠂ ᠴᠢᠩᠭ᠎ᠠ ᠨᠢᠮᠪᠠᠶ ᠰᠢᠭᠰᠢᠨ ᠪᠠᠶᠢᠴᠠᠭᠠᠵᠠᠢ᠃ ᠴᠢᠰᠤ ᠥᠭᠴᠦ ᠪᠠᠷᠠᠭᠰᠠᠨ ᠤ ᠳᠠᠷᠠᠭ᠎ᠠ᠂ ᠡᠮᠴᠢ | ᠰᠤᠪᠢᠯᠠᠭᠴᠢ ᠠᠴᠠ ᠦᠨ᠎ᠡ ᠲᠥᠯᠥᠪᠦᠷᠢ ᠦᠭᠡᠢ ᠪᠠᠷ ᠴᠢᠰᠤ ᠥᠭᠭᠦᠭᠰᠡᠳ ᠲᠤ ᠦᠨᠢᠶᠡᠨ ᠰᠦ᠂ ᠰᠢᠬᠢᠷ ᠪᠠ ᠵᠢᠵᠢᠭ | ᠲᠠᠯᠬ᠎ᠠ ᠪᠡᠯᠡᠳᠬᠡᠵᠦ ᠥᠭᠭᠦᠭᠰᠡᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃ | | ᠲᠤᠬᠠᠶ ᠶᠢᠨ ᠡᠳᠦᠷ ᠲᠤ ᠨᠡᠶᠢᠲᠡ 26 ᠬᠥᠮᠦᠨ ᠤᠨ ᠴᠢᠰᠤ ᠪᠦᠲᠦᠭᠡᠬᠦ ᠭᠤᠤᠯ ᠡᠰ ᠤᠨ ᠴᠢᠰᠤᠨ ᠤ | ᠥᠯᠢᠭᠡᠷ ᠢ ᠠᠪᠴᠤ᠂ 40 ᠬᠥᠮᠦᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ᠂ ᠨᠡᠶᠢᠲᠡ 12000 | ᠮᠢᠯᠢᠯᠢᠲᠷ ᠴᠢᠰᠤ ᠬᠠᠨᠳᠢᠪᠯᠠᠭᠰᠠᠨ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠤᠨ ᠦᠵᠡᠬᠦ ᠪᠠᠷ᠂ ᠠᠯᠪᠠᠨ | ᠵᠢᠷᠤᠮ ᠤᠨ ᠴᠢᠰᠤ ᠬᠠᠨᠳᠢᠪᠯᠠᠬᠤ ᠪᠣᠯ ᠨᠢᠭᠡ ᠵᠦᠢᠯ ᠤᠨ ᠠᠵᠢᠯᠯᠠᠭ᠎ᠠ ᠮᠥᠨ᠂ ᠪᠠᠰᠠ ᠴᠤ ᠨᠢᠭᠡ ᠵᠦᠢᠯ ᠤᠨ ᠣᠶᠤᠨ | ᠰᠠᠨᠠᠭᠠᠨ ᠤ ᠤᠷᠢᠶᠠᠯᠠᠯ ᠮᠥᠨ᠂ ᠨᠢᠭᠡ ᠵᠦᠢᠯ ᠤᠨ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠮᠥᠨ᠂ ᠪᠠᠰᠠ ᠴᠤ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠪᠣᠯᠤᠭᠰᠠᠨ ᠤ ᠬᠤᠪᠢ ᠳᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ | ᠬᠤᠯᠪᠣᠵᠤ᠂ ᠬᠠᠷᠠᠮ ᠦᠭᠡᠶ ᠵᠣᠷᠢᠭᠤᠯᠬᠤ ᠶᠢᠨ ᠴᠢᠬᠤᠯᠠ ᠢᠯᠡᠷᠡᠯ ᠮᠥᠨ ᠭᠡᠵᠡᠢ᠃ | |