ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/7/19
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄              ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191  ᠳ᠋ᠦ᠋ᠭᠡᠷ ᠲᠣᠭᠠᠲᠤ︶ ᠶᠢᠨ ᠬᠤᠷᠢᠨ ᠵᠢᠷᠭᠤᠳᠤᠭᠠᠷ ᠵᠦᠢᠯ ᠤᠨ ︽ᠲᠣᠭᠲᠠᠭᠠᠬᠤ ᠪᠠᠶᠢᠭᠤᠯᠭ᠎ᠠ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠤᠶᠠᠷ ᠵᠢᠯ ᠳᠤ ᠨᠢᠭᠡ ᠤᠳᠠᠭ᠎ᠠ ᠢᠯᠭᠠᠷᠠᠭᠤᠯᠬᠤ ᠬᠡᠷᠡᠭᠲᠡᠶ︾ ᠭᠡᠰᠡᠨ ᠲᠣᠭᠲᠠᠭᠠᠯ ᠢ ᠦᠨᠳᠦᠰᠦᠯᠡᠪᠡᠯ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹ 2021 ︺ 14 ᠳ᠋ᠦ᠋ᠭᠡᠷ ᠲᠣᠭᠠᠲᠤ︶ ᠪᠠ ︽2021 ᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠬᠥᠬᠡᠬᠤᠲᠠ ᠬᠠᠤᠯᠢ ᠶᠣᠰᠣᠭᠠᠷ ᠬᠤᠲᠠ ᠪᠠᠨ ᠵᠠᠰᠠᠬᠤ ᠠᠯᠪᠠᠨ ᠲᠠᠷᠬᠠᠭᠠᠭᠰᠠᠨ ︹ 2021 ︺ 14 ᠳ᠋ᠦ᠋ᠭᠡᠷ ᠲᠣᠭᠠᠲᠤ︶  ᠶᠢᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠵᠠᠰᠠᠭ ᠤᠨ ᠣᠷᠳᠣᠨ ᠲᠦᠷᠦᠭᠦᠯᠡᠨ ᠬᠠᠤᠯᠢ ᠴᠠᠭᠠᠵᠠ ᠶᠢᠨ  ᠲᠣᠪᠴᠢᠶ᠎ᠠ  ᠵᠣᠬᠢᠶᠠᠨ ᠪᠠᠶᠢᠭᠤᠯᠵᠤ 2021 ᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠢ  ᠦᠷᠨᠢᠭᠦᠯᠪᠡ᠃            ᠲ᠊‍ᠤᠰ ᠤᠳᠠᠭᠠᠨ ᠤ ᠢᠯᠭᠠᠷᠠᠭᠤᠯᠤᠨ ᠳᠢᠭᠯᠡᠬᠦ  ᠠᠵᠢᠯ ︽ᠬᠡᠨ ᠲᠣᠭᠲᠠᠭᠠᠭᠰᠠᠨ ᠪᠣᠯ ᠬᠡᠨ ᠢᠯᠭᠠᠷᠠᠭᠤᠯᠤᠨ ᠳᠢᠭᠯᠡᠬᠦ᠂ ᠬᠡᠨ ᠢᠯᠭᠠᠷᠠᠭᠤᠯᠤᠨ  ᠲᠢᠭᠯᠡᠭᠰᠡᠨ ᠪᠣᠯ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ 2017 ᠣᠨ᠂ 2018 ᠣᠨ ᠳᠤ ᠪᠥᠬᠦ ᠲᠠᠯ᠎ᠠ ᠪᠠᠷ ᠢᠯᠭᠠᠷᠠᠭᠤᠯᠤᠭᠰᠠᠨ ᠤ ᠳᠠᠷᠠᠭ᠎ᠠ ᠦᠷᠭᠦᠯᠵᠢᠯᠡᠨ ᠬᠦᠴᠦᠨ ᠲᠠᠢ  ᠪᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠨ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2019 ᠣᠨ ᠤ 1 ᠰᠠᠷ᠎ᠠ ᠶᠢᠨ 1       ᠤ ᠡᠳᠦᠷ ᠠᠴᠠ 2020 ᠣᠨ ᠤ 12 ᠰᠠᠷ᠎ᠠ ᠶᠢᠨ 31      ᠤ ᠡᠳᠦᠷ ᠪᠣᠯᠲᠠᠯ᠎ᠠ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ︵ᠠᠭᠤᠯᠭ᠎ᠠ ᠨᠢ ᠵᠢᠷᠤᠮᠵᠢᠯ ᠤᠨ ᠴᠢᠨᠠᠷᠲᠠᠶ  ᠂ ᠪᠢᠴᠢᠭ ᠮᠠᠲ᠋ᠧᠷᠢᠶᠠᠯ ᠤᠨ ᠰᠢᠨᠵᠢ ᠴᠢᠨᠠᠷ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠬᠠᠮᠢᠶᠠᠷᠤᠭᠰᠠᠨ ᠥᠬᠡᠶ ᠪᠢᠴᠢᠭ ᠮᠠᠲ᠋ᠧᠷᠢᠶᠠᠯ  ᠢ  ᠪᠠᠭᠲᠠᠭᠠᠨ᠎ᠠ︶ ᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠨᠠᠷᠢᠨ ᠬᠢᠨᠠᠮᠠᠭᠠᠶ ᠢᠯᠭᠠᠷᠠᠭᠤᠯᠪᠠ᠃ ᠡᠭᠦᠨ ᠤ ᠵᠡᠷᠭᠡ ᠳᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠳᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠰᠢᠨ᠎ᠡ ᠪᠠᠷ ᠨᠡᠶᠢᠲᠡᠯᠡᠨ  ᠬᠡᠷᠡᠭᠵᠢᠭᠦᠯᠦᠭᠰᠡᠨ ᠢᠷᠭᠡᠨ ᠤ ᠬᠠᠤᠯᠢ ᠶᠢᠨ ᠪᠢᠴᠢᠭ᠂ ᠨᠡᠭᠦᠷᠡᠰᠦᠨ ᠤ ᠡᠬᠢ ᠪᠠᠶᠠᠯᠢᠭ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠬᠦᠷᠢᠶ᠎ᠡ ᠴᠠᠷ᠎ᠠ ᠶᠢ ᠪᠠᠭᠲᠠᠭᠠᠭᠰᠠᠨ 2020 ᠣᠨ ᠠᠴᠠ ᠨᠠᠰᠢᠬᠢ ᠣᠯᠠᠨ ᠤᠳᠠᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶᠢᠯᠠᠨ ᠢᠯᠭᠠᠷᠠᠭᠤᠯᠤᠨ ᠳᠢᠭᠯᠡᠬᠦ ︽ᠡᠷᠭᠢᠵᠦ ᠦᠵᠡᠬᠦ︾ ᠠᠵᠢᠯ ᠢ ᠵᠡᠷᠭᠡ ᠪᠠᠷ ᠥᠷᠨᠢᠭᠦᠯᠵᠦ᠂ ᠰᠢᠨ᠎ᠡ ᠠᠰᠠᠭᠤᠳᠠᠯ ᠢ ᠢᠯᠡᠷᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ᠃ ᠣᠯᠠᠨ ᠤᠳᠠᠭᠠᠨ ᠤ ᠰᠠᠨᠠᠯ ᠬᠤᠷᠢᠶᠠᠬᠤ ᠪᠠ ᠬᠢᠨᠠᠨ ᠪᠠᠶᠢᠴᠠᠭᠠᠬᠤ ᠪᠠᠷ ᠳᠡᠮᠵᠢᠨ᠂ ᠦᠷᠭᠦᠯᠵᠢᠯᠡᠨ ᠬᠦᠴᠦᠨ ᠲᠠᠢ ᠪᠠᠶᠢᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  20 ᠬᠤᠪᠢ  ᠂ ᠡᠭᠦᠨ ᠳᠤ ᠬᠤᠲᠠ ᠶᠢᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ︵ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠢ ᠪᠠᠭᠲᠠᠭᠠᠨ᠎ᠠ︶ 14 ᠬᠤᠪᠢ᠂ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  6 ᠬᠤᠪᠢ ᠪᠣᠶ  ᠃ ᠬᠦᠴᠦᠨ ᠦᠭᠡᠢ ᠪᠣᠯᠭᠠᠭᠰᠠᠨ ᠵᠢᠷᠤᠮᠵᠢᠯ ‍ᠦᠨ‌‍ᠴᠢᠨᠠᠷᠲᠠᠶ ᠪᠢᠴᠢᠭ ᠮᠠᠲ᠋ᠧᠷᠢᠶᠠᠯ 7 ᠬᠤᠪᠢ ᠪᠠᠶᠢᠵᠤ᠂ ᠡᠭᠦᠨ  ᠳᠤ ᠬᠤᠳᠠ ᠶᠢᠨ ᠵᠠᠰᠠᠭ  ᠤᠨ ᠣᠷᠳᠣᠨ ᠤ ᠵᠢᠷᠤᠮᠵᠢᠯ  ᠤᠨ ᠴᠢᠨᠠᠷᠲᠠᠶ ᠪᠢᠴᠢᠭ ᠮᠠᠲ᠋ᠧᠷᠢᠶᠠᠯ 2 ᠬᠤᠪᠢ᠂ ᠰᠠᠯᠠᠭ᠎ᠠ ᠮᠥᠴᠢᠷ   ᠤᠨ ᠵᠢᠷᠤᠮᠵᠢᠯ ‍ᠤᠨ‌‍ᠴᠢᠨᠠᠷᠲᠠᠶ ᠪᠢᠴᠢᠭ‌ᠮᠠᠲ᠋ᠧᠷᠢᠶᠠᠯ5 ᠬᠤᠪᠢ ᠪᠤᠢ᠃ ᠡᠳᠦᠭᠡ ᠦᠷᠭᠦᠯᠵᠢᠯᠡᠨ ᠬᠦᠴᠦᠨ ᠲᠠᠢ᠂ ᠬᠦᠴᠦᠨ ᠥᠬᠡᠶ ᠪᠣᠯᠭᠠᠭᠰᠠᠨ ᠪᠠ ᠬᠦᠴᠦᠨ ᠢᠶᠠᠨ ᠠᠯᠳᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠨ᠎ᠡ᠃              ᠦᠷᠭᠦᠯᠵᠢᠯᠡᠨ ᠬᠦᠴᠦᠨ ᠲᠠᠢ ᠪᠠᠶᠢᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠵᠢᠱᠢᠶᠡᠯᠡᠪᠡᠯ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠭᠡᠵᠦ ᠪᠠᠶᠢᠲᠠᠯ᠎ᠠ ᠬᠠᠷᠠᠬᠠᠨ ᠵᠠᠰᠠᠪᠤᠷᠢ ᠣᠷᠣᠭᠤᠯᠤᠭᠠᠳᠤᠶ ᠪᠠᠶᠢᠪᠠᠯ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠪᠠᠶᠢᠭᠤᠯᠭ᠎ᠠ ᠠᠴᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ᠤ ᠳᠠᠷᠠᠭ᠎ᠠ ᠵᠣᠬᠢᠴᠠᠩᠭᠤᠶ ᠵᠠᠰᠠᠪᠤᠷᠢ ᠣᠷᠣᠭᠤᠯᠬᠤ ᠰᠠᠨᠠᠯ ᠢᠶᠠᠨ ᠴᠠᠭ ᠲᠤᠬᠠᠶ ᠳᠤᠨᠢ ᠳᠤᠷᠠᠳᠴᠤ᠂ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠬᠡᠷᠡᠭᠵᠢᠭᠦᠯᠬᠦ ᠬᠡᠷᠡᠭᠲᠡᠶ  ᠃ ᠨᠢᠭᠡᠨᠲᠡ ᠬᠦᠴᠦᠨ ᠦᠭᠡᠢ ᠪᠣᠯᠭᠠᠬᠤ ᠳᠤ ᠣᠷᠣᠭᠤᠯᠤᠭᠰᠠᠨ ᠵᠢᠷᠤᠮᠵᠢᠯ   ᠤᠨ ᠴᠢᠨᠠᠷᠲᠠᠶ ᠪᠢᠴᠢᠭ ᠮᠠᠲ᠋ᠧᠷᠢᠶᠠᠯ   ᠤᠨ ᠭᠦᠢᠴᠡᠳᠬᠡᠬᠦ ᠶᠢ ᠵᠣᠭᠰᠣᠭᠠᠬᠤ ᠬᠡᠷᠡᠭᠲᠡᠶ᠃                                                    ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ︶       ᠳᠠᠭᠠᠯᠳᠤᠭᠤᠯᠤᠯ          ᠨᠢᠭᠡ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠭᠠᠷᠴᠠᠭ ︵ᠬᠦᠴᠦᠨ ᠲᠠᠢ ᠬᠤᠭᠤᠴᠠᠭ᠎ᠠ᠄ 2026-7-11)         1. ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠰᠤᠵᠢᠯ ᠤᠨ ᠦᠢᠯᠡᠴᠢᠯᠡᠭᠡᠨ ᠤ  ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         2.︽ᠵᠠᠯᠠᠨ ᠠᠶᠢᠯ ᠬᠤᠳᠠ ᠶᠢᠨ ᠰᠤᠷᠭᠠᠭᠤᠯᠢ ᠶᠢᠨ ᠭᠠᠳᠠᠨᠠᠬᠢ ᠪᠠᠶᠢᠷᠢ ᠶᠢᠨ ᠰᠤᠷᠤᠭᠴᠢᠳ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         3. ︽ᠵᠠᠯᠠᠨ ᠠᠶᠢᠯ ᠬᠤᠲᠠ ᠶᠢᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠨᠢᠭᠡᠴᠡ ᠶᠢᠨ ᠠᠶᠤᠯ ᠥᠬᠡᠶ  ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         4. ︽ᠵᠠᠯᠠᠨ ᠠᠶᠢᠯ ᠬᠤᠲᠠ ᠶᠢᠨ ︿ᠰᠣᠶᠣᠯ ᠤᠨ ᠶᠡᠭᠡ ᠬᠤᠪᠢᠰᠬᠠᠯ﹀ ᠠᠴᠠ ᠪᠣᠯᠵᠣ ᠵᠡᠮᠳᠡᠭ ᠪᠣᠯᠤᠭᠰᠠᠨ ᠬᠥᠮᠦᠰ ᠤᠨ ᠡᠮ ᠡᠮᠨᠡᠯᠭᠡ ᠶᠢᠨ ᠬᠠᠷᠠᠭᠠᠯᠵᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        5. ︽ᠵᠠᠯᠠᠨ ᠠᠶᠢᠯ ᠬᠤᠲᠠ ᠶᠢᠨ ᠬᠤᠲᠠ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠬᠠᠮᠢᠶᠠᠷᠤᠯᠲᠠ ᠶᠢ  ᠭᠦᠢᠴᠡᠳᠭᠡᠬᠦ ᠠᠷᠭ᠎ᠠ ᠪᠠ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        6. ︽ᠵᠠᠯᠠᠨ ᠠᠶᠢᠯ ᠬᠤᠳᠠ ᠶᠢᠨ ᠬᠤᠳᠠ ᠶᠢᠨ ᠲᠣᠭᠤᠷᠢᠭ ᠤᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠵᠣᠭᠤᠰᠣᠨ ᠨᠥᠬᠦᠪᠥᠷᠢ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        7. ︽ᠵᠠᠯᠠᠨ ᠠᠶᠢᠯ ᠬᠤᠲᠠ ᠶᠢᠨ ᠠᠵᠤ ᠠᠬᠤᠶ ᠶᠢᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ᠪᠠ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        8. ︽ᠵᠠᠯᠠᠨ ᠠᠶᠢᠯ ᠬᠤᠲᠠ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠲᠥᠷᠥᠯ  ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ        9. ︽ᠵᠠᠯᠠᠨ ᠠᠶᠢᠯ ᠬᠤᠲᠠ ᠶᠢᠨ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ        10. ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        11. ︽ᠵᠠᠯᠠᠨ ᠠᠶᠢᠯ ᠬᠤᠲᠠ ᠶᠢᠨ ᠠᠰᠠᠷᠠᠨ ᠬᠠᠷᠠᠭᠠᠯᠵᠠᠬᠤ ᠡᠲᠡᠭᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        12. ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠪᠠ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ ᠤ ᠠᠵᠢᠯ ᠤᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ            13. ︽ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ           14. ︽ᠵᠠᠯᠠᠨ ᠠᠶᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯ ᠴᠣᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠢ ᠳᠡᠩᠰᠡᠯᠡᠨ ᠬᠠᠮᠢᠶᠠᠷᠬᠤ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ          15. ︽ ᠪᠠᠶᠢᠷᠢᠨ ᠳᠤ ᠰᠠᠭᠤᠯᠭᠠᠬᠤ ᠳᠦᠷᠢᠮᠲᠦ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ          16. ︽ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠰᠠᠨ ᠲᠠᠩᠰᠠ ᠡᠪᠬᠡᠮᠡᠯ ᠢ ᠡᠮᠬᠢᠯᠡᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         17. ︽ᠵᠠᠯᠠᠨ ᠠᠶᠢᠯ ᠬᠤᠲᠠ ᠶᠢᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         18. ︽ᠵᠠᠯᠠᠨ ᠠᠶᠢᠯ ᠬᠤᠲᠠ ᠶᠢᠨ ᠲᠣᠰ ᠱᠠᠲᠤᠨ ᠤ ᠲᠥᠰᠦᠪ ᠤᠨ ᠨᠢᠭᠡᠴᠡ ᠶᠢᠨ ᠠᠯᠪᠠᠨ ᠶᠠᠪᠤᠳᠠᠯ ᠤᠨ ᠺᠠᠷᠲ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         19. ︽ᠵᠠᠯᠠᠨ ᠠᠶᠢᠯ ᠬᠤᠲᠠ ᠶᠢᠨ ᠨᠠᠪᠴᠢᠨ ᠲᠠᠮᠠᠬᠢᠨ ᠤ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ         20. ︽ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠵᠠᠯᠠᠨ ᠠᠶᠢᠯ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠮ ᠤᠨ ᠵᠠᠷᠤᠳᠠᠯ ᠬᠤᠨᠤᠭ ᠤᠨ ᠵᠠᠷᠤᠳᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾        ᠬᠤᠶᠠᠷ  ᠂ ᠬᠦᠴᠦᠨ ᠦᠭᠡᠢ ᠪᠣᠯᠭᠠᠭᠰᠠᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ        1. ︽ᠵᠠᠯᠠᠨ ᠠᠶᠢᠯ ᠬᠤᠲᠠ ᠶᠢᠨ ᠨᠤᠲᠤᠭ ᠪᠡᠯᠴᠢᠭᠡᠷ ᠪᠠ ᠣᠶ ᠰᠢᠭᠤᠶ ᠶᠢᠨ ᠦᠢᠯᠡᠰ ᠲᠤ ᠬᠡᠷᠡᠭᠯᠡᠬᠦ ᠭᠠᠵᠠᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        2. ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        3. ︽ᠵᠠᠯᠠᠨ ᠠᠶᠢᠯ ᠬᠤᠲᠠ ᠶᠢᠨ ᠨᠠᠪᠴᠢᠨ ᠲᠠᠮᠠᠬᠢᠨ ᠤ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        4. ︽ᠵᠠᠯᠠᠨ ᠠᠶᠢᠯ ᠬᠤᠲᠠ ᠶᠢᠨ ᠣᠶ ᠰᠢᠭᠤᠶ ᠶᠢᠨ ᠲᠣᠪᠴᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠣᠶ᠂ ᠪᠠᠶᠢᠭᠠᠯᠢ ᠶᠢᠨ ᠲᠠᠸᠠᠷ ᠤᠨ ᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        5. ︽ᠵᠠᠯᠠᠨ ᠠᠶᠢᠯ ᠬᠤᠲᠠ ᠶᠢᠨ ᠲᠣᠰ ᠱᠠᠲᠤᠨ ᠤ ᠲᠥᠷᠥ ᠶᠢᠨ ᠪᠠᠶᠢᠭᠤᠯᠭ᠎ᠠ ᠪᠠ ᠠᠵᠢᠯ  ᠦᠢᠯᠡᠰ ᠤᠨ  ᠨᠢᠭᠡᠴᠡ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ       6. ︽ᠵᠠᠯᠠᠨ ᠠᠶᠢᠯ ᠬᠤᠳᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠥᠭᠬᠦ ᠨᠥᠬᠦᠪᠥᠷᠢ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ       7. ︽ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠲᠣᠪᠴᠢᠶ᠎ᠠ ᠶᠢᠨ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠨᠠᠷᠢᠯᠢᠬᠵᠢᠭᠤᠯᠬᠤ ᠪᠠᠷᠢᠮᠵᠢᠶ᠎ᠠ ︵ᠵᠠᠰᠠᠪᠤᠷᠢ ᠣᠷᠣᠭᠤᠯᠤᠭᠰᠠᠨ︶︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ       ᠭᠤᠷᠪᠠ᠂ ᠬᠦᠴᠦᠨ ᠦᠭᠡᠢ ᠪᠣᠯᠤᠭᠰᠠᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ︵0︶ 
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号