ᠹᠠᠨ ᠷᠥᠩ ᠵᠡᠭᠡᠯᠢ ᠭᠤᠳᠤᠮᠵᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2021/7/2
      ᠥᠷᠭᠡᠨ ᠣᠯᠠᠨ ᠨᠠᠮ ᠤᠨ ᠭᠡᠰᠢᠭᠦᠨ ᠵᠢᠴᠢ ᠺᠠᠳ᠋ᠷᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠣᠶᠢᠷ᠎ᠠ ᠶᠢᠨ ᠨᠢᠭᠡ ᠬᠤᠭᠤᠴᠠᠭᠠᠨ ᠠᠴᠠ ᠨᠠᠰᠢᠬᠢ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢᠨ ᠮᠡᠳᠡᠯᠭᠡ ᠶᠢ ᠡᠵᠡᠮᠰᠢᠭᠰᠡᠨ ᠬᠡᠮᠵᠢᠶ᠎ᠡ ᠶᠢ ᠰᠢᠯᠭᠠᠨ ᠪᠠᠶᠢᠴᠠᠭᠠᠵᠤ᠂ ᠨᠠᠮ ᠤᠨ ᠲᠡᠦᠬᠡ ᠶᠢᠨ ᠮᠡᠳᠡᠯᠭᠡ ᠶᠢ ᠰᠤᠷᠤᠯᠴᠠᠬᠤ ᠨᠡᠩ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠣᠶᠢᠷ᠎ᠠ ᠳᠤ   ᠹᠠᠨ ᠷᠥᠩ ᠵᠡᠭᠡᠯᠢ ᠭᠤᠳᠤᠮᠵᠢ ᠶᠢᠨ ᠬᠢᠨ ︽ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠵᠤ ᠤᠷᠤᠭᠰᠢᠯᠠᠨ ᠳᠠᠪᠰᠢᠬᠤ ᠬᠦᠴᠦᠨ ᠴᠢᠳᠠᠯ ᠤᠯᠬᠤ︾ ᠪᠠᠷ ᠭᠤᠣᠯ ᠰᠡᠳᠦᠪ ᠪᠣᠯᠭᠠᠭᠰᠠᠨ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠵᠡᠭᠡᠯᠢ ᠭᠤᠳᠤᠮᠵᠢ ᠶᠢᠨ ᠪᠠᠶᠢᠭᠤᠯᠤᠯᠭ᠎ᠠ ᠪᠣᠯᠤᠨ 4 ᠨᠡᠶᠢᠭᠡᠮ ᠲᠣᠭᠤᠷᠢᠭ ᠤᠨ 15  ᠣᠷᠣᠯᠴᠠᠭᠴᠢ ᠤᠷᠤᠯᠳᠤᠭᠠᠨ ᠳᠤ ᠣᠷᠣᠯᠴᠠᠵᠠᠶ᠃          ᠮᠡᠳᠡᠯᠭᠡ ᠶᠢᠨ ᠤᠷᠤᠯᠳᠤᠭᠠᠨ ᠢ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠪᠦᠯᠬᠦᠮ ᠨᠡᠶᠢᠲᠡ ᠶᠢᠨ ᠵᠠᠪᠳᠤᠨ ᠬᠠᠷᠢᠭᠤᠯᠬᠤ ᠰᠡᠳᠦᠪ᠂ ᠪᠦᠯᠬᠦᠮ ᠨᠡᠶᠢᠲᠡ ᠶᠢᠨ ᠠᠶᠤᠯ ᠲᠦᠭᠰᠢᠭᠦᠷᠢ ᠵᠢᠴᠢ ᠨᠡᠮᠡᠯᠲᠡ ᠤᠷᠤᠯᠳᠤᠭᠠᠨ ᠤ ᠬᠠᠷᠢᠭᠤᠯᠬᠤ ᠰᠡᠳᠦᠪ ᠵᠡᠷᠭᠡ ᠳᠥᠷᠪᠡᠨ ᠭᠤᠭᠴᠤᠭ᠎ᠠ  ᠬᠤᠪᠢᠶᠠᠵᠤ ᠪᠣᠯᠤᠨ᠎ᠠ᠃ ᠤᠷᠤᠯᠳᠤᠭᠠᠨ ᠤ ᠠᠭᠤᠯᠭ᠎ᠠ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠮᠡᠳᠡᠯᠭᠡ᠂ ︽ᠲᠦᠷᠪᠡᠨ ᠲᠡᠦᠬᠡ︾ ᠶᠢᠨ ᠦᠨᠳᠦᠰᠦᠨ ᠮᠡᠳᠡᠯᠭᠡ ᠵᠢᠴᠢ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠵᠡᠷᠭᠡ ᠠᠭᠤᠯᠭ᠎ᠠ ᠶᠢ ᠬᠠᠮᠤᠷᠴᠠᠢ᠃ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠠᠮᠢᠷᠴᠢᠳ ᠥᠪᠡᠷ ᠤᠨ ᠨᠠᠮ ᠤᠨ ᠲᠡᠦᠬᠡ ᠶᠢᠨ ᠮᠡᠳᠡᠯᠭᠡ ᠪᠣᠯᠤᠨ  ᠬᠡᠯᠡᠵᠦ ᠶᠠᠷᠢᠬᠤ  ᠴᠢᠳᠠᠪᠤᠷᠢ ᠪᠠᠨ ᠭᠦᠢᠴᠡᠳ ᠠᠰᠢᠭᠯᠠᠵᠤ᠂ ᠨᠢᠭᠲᠠ ᠬᠠᠮᠵᠢᠯᠴᠠᠵᠤ᠂ ᠤᠷᠤᠯᠳᠤᠭᠠᠨ ᠢ  ᠬᠦᠷ ᠬᠦᠭᠵᠢᠶᠡᠨ   ᠲᠠᠢ ᠪᠣᠯᠭᠠᠵᠠᠢ᠃ ᠨᠢᠭᠡ ᠴᠠᠭ ᠭᠠᠷᠤᠶ ᠶᠢᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 1 ᠨᠡᠷᠡᠰ᠂ ᠭᠤᠷᠪᠠᠳᠤᠭᠠᠷ ᠳᠡᠰ ᠤᠨ ᠱᠠᠩᠨᠠᠯ 1 ᠨᠡᠷᠡᠰ᠂ ᠳᠤᠷᠠᠰᠬᠠᠯ ᠤᠨ ᠱᠠᠩᠨᠠᠯ 2 ᠨᠡᠷᠡᠰ ᠪᠣᠶ ᠪᠣᠯᠵᠣ᠂ ᠹᠠᠨ ᠷᠥᠩ ᠵᠡᠭᠡᠯᠢ ᠭᠤᠳᠤᠮᠵᠢ ᠶᠢᠨ ᠤᠳᠤᠷᠢᠳᠤᠯᠭ᠎ᠠ ᠠᠴᠠ  ᠣᠷᠣᠯᠴᠠᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃         ᠮᠡᠳᠡᠯᠭᠡ ᠶᠢᠨ ᠤᠷᠤᠯᠳᠤᠭᠠᠨ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ᠂ ᠲᠤᠰ ᠤᠳᠠᠭ᠎ᠠ ᠶᠢᠨ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠪᠠᠭᠤᠷᠠᠢ ᠲᠠᠯ᠎ᠠ  ᠪᠠᠨ ᠴᠠᠭ ᠲᠤᠬᠠᠢ ᠳᠤᠨᠢ  ᠴᠢᠩᠭᠠᠳᠬᠠᠵᠣ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠬᠢᠵᠦ ᠦᠢᠯᠡᠰ ᠪᠤᠰᠬᠠᠬᠤ᠂ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号