ᠬᠤᠳᠠ ᠶᠢᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢᠨ ᠨᠠᠮ ᠤᠨ ᠡᠭᠦᠷ ᠪᠣᠯᠤᠨ ᠬᠠᠪᠰᠤᠷᠤᠨ ᠲᠡᠳᠬᠦᠬᠦ ᠲᠣᠰᠬᠤᠨ  ᠾᠧ ᠫᠢᠩ ᠲᠣᠰᠬᠤᠨ ᠬᠠᠮᠲᠤᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/7/2
     ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ︽ᠬᠠᠮᠤᠭ ᠤᠨ  ᠰᠠᠶᠢᠨ ᠨᠠᠮ ᠤᠨ ᠡᠭᠦᠷ︾ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠡᠭᠦᠷ ᠬᠢᠭᠡᠳ ᠬᠠᠪᠰᠤᠷᠤᠨ ᠲᠡᠳᠬᠦᠬᠦ ᠲᠣᠰᠬᠤᠨ  ᠴᠢᠩᠭᠢᠰ ᠬᠠᠭᠠᠨ ᠪᠠᠯᠭᠠᠰᠤᠨ ᠤ ᠾᠧ ᠫᠢᠩ ᠲᠣᠰᠬᠤᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃           ᠲᠤᠰ ᠠᠵᠢᠯᠯᠠᠭ᠎ᠠ ᠳᠤ ᠡᠩ ᠲᠡᠷᠢᠭᠦᠨ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠾᠧ ᠫᠢᠩ ᠲᠣᠰᠬᠤᠨ ᠤ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠳ ᠢᠶᠠᠨ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ  ᠲᠠᠩᠭᠠᠷᠢᠭᠯᠠᠪᠠ᠃  ᠵᠠᠯᠭᠠᠭᠠᠳ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠦᠬᠦ ᠨᠠᠮ ᠤᠨ ᠭᠡᠰᠢᠭᠦᠳ ᠲᠤ ᠨᠢᠭᠡ ᠤᠳᠠᠭᠠᠨ ᠤ ᠨᠠᠮ ᠤᠨ ᠬᠢᠴᠢᠶᠡᠯ ᠣᠷᠣᠵᠤ ᠥᠭᠴᠡᠶ᠃ ᠨᠠᠮ ᠤᠨ ᠬᠢᠴᠢᠶᠡᠯ ᠤᠨ ᠠᠭᠤᠯᠭ᠎ᠠ ᠶᠢ ᠭᠤᠷᠪᠠᠨ ᠲᠠᠯ᠎ᠠ  ᠠᠴᠠ ᠶᠠᠷᠢᠪᠠ᠄ ᠨᠢᠭᠡ ᠳᠤ ᠨᠠᠮ ᠤᠨ ᠲᠡᠦᠬᠡ ᠶᠢ ᠡᠷᠭᠢᠴᠡᠭᠦᠯᠵᠦ᠂ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠨ᠎ᠠ  ᠃ ᠬᠤᠶᠠᠷ ᠲᠤ ᠬᠥᠳᠡᠭᠡ ᠲᠣᠰᠬᠤᠨ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠪᠢᠷᠠᠯᠲᠠ ᠶᠢ ᠡᠷᠭᠢᠴᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠲᠡᠭᠡᠯ ᠵᠣᠷᠢᠭ ᠢ ᠨᠡᠮᠡᠭᠳᠡᠭᠦᠯᠦᠨ᠎ᠡ᠃ ᠭᠤᠷᠪᠠ ᠳᠤ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠴᠢᠩᠭᠠᠳᠬᠠᠬᠤ ᠬᠡᠷᠡᠭᠲᠡᠶ᠃             ᠡ᠊‍ᠨᠡ  ᠣᠳᠠᠭᠠᠨ ᠤ ᠠᠵᠢᠯᠯᠠᠭ᠎ᠠ ᠪᠠᠷ ᠲᠠᠮᠵᠢᠨ᠂ ᠤᠯᠠᠨ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠪᠣᠯ ᠬᠢᠯᠪᠠᠷ ᠪᠤᠰᠤ ᠪᠠᠷ ᠢᠷᠡᠭᠰᠡᠨ᠂  ᠨᠠᠨᠳᠢᠩᠨᠠᠬᠤ ᠶᠢᠨ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠡᠩ ᠴᠤ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠤ᠂ ᠠᠷᠠᠳ ᠲᠦᠮᠡᠨ ᠳᠤ ᠪᠣᠳᠠᠲᠠᠢ ᠠᠵᠢᠯ ᠬᠢᠬᠦ ᠬᠡᠷᠡᠭᠲᠡᠢ ᠭᠡᠵᠦ ᠢᠯᠡᠳᠬᠡᠵᠡᠭᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号