ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/7/2
      ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︽ᠬᠥᠯᠥᠨ ᠪᠤᠶᠢᠷ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︽ᠵᠠᠯᠠᠨ ᠠᠶᠢᠯ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄           ᠨᠢᠭᠡ᠂ 2021 ᠣᠨ ᠤ 7 ᠰᠠᠷ᠎ᠠ ᠶᠢᠨ 1      ᠤ ᠡᠳᠦᠷ ᠠᠴᠠ ᠡᠬᠢᠯᠡᠨ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠭᠦᠢᠴᠡᠳᠭᠡᠵᠦ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠪᠠᠶᠢᠵᠤ᠂ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠳᠠᠬᠢᠨ ᠵᠥᠪᠯᠡᠬᠦ  ᠵᠦᠢᠯᠡᠰ ᠢ  ᠳᠠᠭᠠᠭᠠᠨ  ᠭᠦᠢᠴᠡᠳᠭᠡᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠳᠠᠭᠢᠵᠤ  ᠭᠦᠢᠴᠡᠳᠭᠡᠬᠦ ᠥᠬᠡᠶ᠃         ᠬᠤᠶᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠲᠡᠭᠦᠨ ᠤ ᠲᠣᠮᠢᠯᠠᠭᠰᠠᠨ ᠪᠠᠶᠢᠭᠤᠯᠤᠮᠵᠢ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ᠂ ᠲᠤᠰ ᠱᠠᠲᠤᠨ ᠤ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ᠂ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠶᠤᠴᠢᠯᠠᠭᠳᠠᠭᠴᠢ  ᠪᠣᠯᠭᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠨᠢᠭᠡᠳᠦᠯᠲᠡᠶ ᠬᠠᠮᠢᠶᠠᠷᠤᠨ᠎ᠠ᠃          ᠬ᠋᠊‍ᠣᠷᠪᠠ᠂ ᠭᠤᠶᠤᠴᠢᠯᠠᠭᠴᠢ ᠨᠢ ᠳᠣᠤᠷᠠᠬᠢ ᠠᠷᠭ᠎ᠠ ᠮᠠᠶ᠋ᠢᠭ ᠢᠶᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠄         ︵ᠨᠢᠭᠡ︶  ᠲᠤᠬᠠᠶ ᠶᠢᠨ ᠲᠠᠯᠠᠪᠠᠶ ᠳᠤ ᠭᠠᠷᠳᠠᠭᠤᠯᠬᠤ ᠬᠡᠯᠪᠡᠷᠢ᠃ ᠬᠠᠶ᠋ᠢᠭ᠄ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠲᠥᠪ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠴᠣᠩᠬᠤ︔             ︵ᠬᠤᠶᠠᠷ︶ ᠰᠢᠦᠳᠠᠨ ᠢᠶᠠᠷ ᠶᠠᠪᠤᠭᠤᠯᠬᠤ ᠬᠡᠯᠪᠡᠷᠢ᠃ ᠰᠢᠤᠳᠠᠨ ᠶᠠᠪᠤᠭᠤᠯᠬᠤ ᠬᠠᠶ᠋ᠢᠭ᠄ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠭᠥᠯᠢᠶᠡᠨ ᠠᠪᠤᠭᠴᠢ᠄ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠯᠪᠠᠨ ᠬᠡᠷ᠂ ᠤᠲᠠᠰᠤ ᠄ 0470 — 3201603᠂ ᠰᠢᠤᠳᠠᠨ ᠳ᠋ᠤᠭᠠᠷ᠄ 162650᠃                                                                   ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                            ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ                                                                       2021 ᠣᠨ  ᠤ 6 ᠰᠠᠷ᠎ᠠ ᠶᠢᠨ 30     ᠤ  ᠡᠳᠦᠷ      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号