ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ︽ᠶᠠᠷᠢᠶ᠎ᠠ ᠶᠢ ᠰᠤᠷᠤᠯᠴᠠᠵᠤ ᠵᠣᠷᠢᠭ ᠰᠠᠨᠠᠭ᠎ᠠ ᠶᠢ ᠣᠶᠢᠯᠠᠭᠠᠵᠤ ᠤᠬ ᠰᠠᠨᠠᠭ᠎ᠠ ᠪᠠᠨ ᠶᠠᠷᠢᠬᠤ︾ ᠰᠤᠷᠤᠯᠴᠠᠯᠭ᠎ᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ
ᠨᠡᠶᠢᠲᠡᠯᠡᠭᠰᠡᠨ ᠴᠠᠭ᠄
2021/7/20
     ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠥᠷᠲᠡᠭᠡᠨ ᠤ ᠡᠮᠦᠨᠡᠬᠢ ᠨᠠᠮ ᠤᠨ ᠡᠭᠦᠷ ︽ᠶᠠᠷᠢᠶ᠎ᠠ ᠶᠢ ᠰᠤᠷᠤᠯᠴᠠᠵᠤ ᠵᠣᠷᠢᠭ ᠰᠠᠨᠠᠭ᠎ᠠ ᠶᠢ ᠣᠶᠢᠯᠠᠭᠠᠵᠤ ᠤᠬ ᠰᠠᠨᠠᠭ᠎ᠠ ᠪᠠᠨ ᠶᠠᠷᠢᠬᠤ︾ ᠰᠤᠷᠤᠯᠴᠠᠯᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠡᠢ            ᠠᠵᠢᠯᠯᠠᠭᠠᠨ ᠤ ᠳᠤᠮᠳᠠ᠂ ᠨᠠᠮ ᠤᠨ ᠡᠭᠦᠷ ᠤᠨ ᠱᠦᠵᠢ ᠣᠯᠠᠨ ᠢ ᠳᠠᠭᠠᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠶᠠᠨ ᠤ ᠠᠭᠤᠯᠭ᠎ᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠦᠷᠦ ᠶᠢᠨ ᠲᠤᠩᠬᠠᠭ᠂ ᠪᠦᠬᠦ ᠤᠯᠤᠰ ᠤᠨ ᠠᠷᠠᠳ ᠲᠦᠮᠡᠨ ᠤ ᠡᠷᠡᠯᠬᠡᠭᠯᠡᠨ ᠲᠡᠮᠡᠴᠡᠬᠦ ᠵᠠᠮᠴᠢᠯᠠᠬᠤ ᠭᠡᠷᠡᠯᠲᠦ ᠴᠠᠮᠬᠠᠭ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠠᠷ ᠤᠷᠤᠭᠰᠢᠯᠠᠬᠤ ᠠᠵᠢᠯᠯᠠᠭᠠᠨ ᠤ ᠪᠦᠷᠢᠶ᠎ᠡ ᠪᠠᠶᠢᠵᠤ᠂ ᠬᠦᠴᠦᠷᠬᠡᠭ ᠶᠡᠭᠡ ᠦᠵᠡᠯ ᠰᠠᠨᠠᠭᠠᠨ ᠤ ᠳᠣᠩᠰᠣᠯᠭᠠᠬᠤ ᠬᠦᠴᠦᠨ᠂ ᠴᠠᠭ ᠦᠶ᠎ᠡ ᠶᠢᠨ ᠤᠷᠢᠶᠠᠯᠠᠬᠤ ᠬᠦᠴᠦᠨ ᠪᠠ ᠦᠢᠯᠡᠳᠦᠯᠭᠡ ᠶᠢᠨ ᠵᠢᠯᠣᠭᠤᠳᠬᠤ ᠬᠦᠴᠦᠨ ᠲᠠᠢ ᠶᠤᠮ᠃        ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠤᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠨᠠᠮ ᠤᠨ ᠦᠯᠢᠭᠡᠷ ᠢ ᠰᠠᠶᠢᠲᠤᠷ ᠶᠠᠷᠢᠵᠤ᠂ ᠡᠳᠦᠷ ᠳᠤᠳᠤᠮ ᠤᠨ ᠠᠮᠢᠳᠤᠷᠠᠯ ᠳᠤᠮᠳᠠ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号