ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠵᠦ ᠪᠠᠶᠢᠭᠤᠯᠤᠯᠭ᠎ᠠ ᠶᠢᠨ ᠨᠢᠭᠲᠠᠷᠠᠯ ‍ᠤᠨ‌‍ᠬᠦ᠋ᠴᠦᠨ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2021/7/20
      ᠪᠥᠬᠦ ᠺᠠᠳ᠋ᠷ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ 50 ᠭᠠᠷᠣᠢ ᠺᠠᠳ᠋ᠷ ᠠᠵᠢᠯᠲᠠᠨ ᠠᠵᠢᠯᠴᠢᠨ  ᠢ ᠵᠣᠬᠢᠶᠠᠨ ᠪᠠᠶᠢᠭᠤᠯᠵᠤ ᠪᠦᠯᠬᠦᠮ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠪᠡ᠃         ᠲ᠊‍ᠤᠰ ᠠᠵᠢᠯᠯᠠᠭ᠎ᠠ ᠨᠢ ᠰᠢᠪᠠᠭ᠎ᠠ ᠰᠤᠭᠤᠯᠬᠤ ᠬᠡᠯᠪᠡᠷᠢ ᠪᠠᠷ ᠪᠦᠬᠦ ᠺᠠᠳ᠋ᠷᠴᠤᠳ ᠢ 5 ᠡᠩᠨᠡᠭᠡ ᠬᠤᠪᠢᠶᠠᠵᠤ᠂ ᠤᠷᠤᠯᠳᠤᠭᠠᠨ ᠤ ᠵᠦᠢᠯ ᠢ ᠳᠡᠭᠡᠰᠦ ᠲᠠᠲᠠᠬᠤ᠂ ᠯᠣᠣ ᠪᠠᠷ ᠤᠰᠤ ᠲᠠᠲᠠᠬᠤ᠂ ᠨᠢᠭᠡ ᠲᠣᠭᠤᠷᠢᠭ ᠲᠤ ᠡᠴᠦᠰ ᠲᠤᠨᠢ ᠲᠤᠯᠲᠠᠯ᠎ᠠ ᠭᠡᠬᠦ ᠭᠤᠷᠪᠠᠨ ᠵᠦᠢᠯ ᠳᠤ ᠬᠤᠪᠢᠶᠠᠵᠤ᠂ ᠤᠷᠤᠯᠳᠤᠭᠠᠨ ᠤ ᠶᠠᠪᠤᠴᠠ ᠳᠤ ᠣᠯᠠᠨ ᠢᠶᠠᠷ ᠢᠶᠠᠨ ᠪᠠᠴᠢᠮ ᠰᠢᠷᠦᠭᠦᠨ ᠪᠥᠭᠡᠳ ᠪᠦᠯᠬᠦᠮ ᠨᠡᠶᠢᠲᠡ ᠶᠢᠨ ᠬᠠᠮᠵᠢᠯᠴᠠᠯᠭ᠎ᠠ ᠲᠠᠢ ᠪᠠᠶᠢᠵᠤ᠂ ᠺᠠᠳ᠋ᠷ ᠠᠵᠢᠯᠲᠠᠨ ᠨᠢᠭᠡᠪᠦᠷᠢ ᠶᠢ ᠥᠪᠡᠷ ᠤᠨ ᠳᠤᠷᠠᠲᠠᠶ  ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠶᠢᠨ ᠬᠠᠮᠲᠤ ᠲᠡᠭᠦᠨ ᠳᠤ ᠢᠳᠡᠪᠬᠢᠲᠡᠶ ᠣᠷᠣᠯᠴᠠᠭᠤᠯᠬᠤ ᠪᠠᠷ ᠴᠢᠷᠮᠠᠶᠢᠵᠤ ᠪᠠᠶᠢᠨ᠎ᠠ᠃ ᠤᠷᠤᠯᠳᠤᠭᠠᠨ ᠤ ᠳᠤᠮᠳᠠ᠂ ᠬᠢᠨᠠᠭᠴᠢ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠲᠠᠮᠢᠷᠴᠢᠳ ᠪᠣᠯᠪᠠᠰᠤᠨ ᠢᠶᠠᠷ ᠤᠷᠤᠯᠳᠤᠭᠠᠨ ᠳᠤ ᠣᠷᠣᠯᠴᠠᠵᠤ᠂ ᠰᠢᠯᠢᠳᠡᠭ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠦᠭᠰᠡᠨ ᠪᠠᠶᠢᠨ᠎ᠠ᠃           ᠲᠣᠰ ᠤᠳᠠᠭᠠᠨ ᠤ ᠠᠵᠢᠯᠯᠠᠭ᠎ᠠ ᠨᠢ ᠪᠥᠬᠦ ᠺᠠᠳ᠋ᠷ ᠠᠵᠢᠯᠲᠠᠨ ᠠᠵᠢᠯᠴᠢᠨ ᠤ ᠪᠦᠯᠬᠦᠮᠳᠡᠨ ᠬᠠᠮᠵᠢᠯᠴᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠪᠦᠯᠬᠦᠮ ᠤᠨ ᠬᠠᠮᠵᠢᠯᠴᠠᠬᠤ ᠵᠣᠷᠢᠭ ᠰᠠᠨᠠᠭ᠎ᠠ ᠶᠢ ᠬᠥᠮᠦᠵᠢᠭᠦᠯᠵᠡᠶ᠃ ᠵᠠᠯᠭᠠᠭᠠᠳ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠶᠠᠩᠵᠤ ᠶᠢᠨ ᠬᠡᠯᠪᠡᠷᠢ ᠶᠢᠨ ᠰᠣᠶᠣᠯ ᠲᠠᠮᠢᠷ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠺᠠᠳ᠋ᠷ ᠠᠵᠢᠯᠲᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠎ᠠ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号