ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠵᠤ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2021/7/20
   
      7 ᠰᠠᠷ᠎ᠠ ᠶᠢᠨ 19      ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠤᠰᠤᠨ ᠴᠥᠭᠦᠷᠥᠮ᠂ ᠠᠶᠢᠯ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠵᠦ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠣᠭᠤᠳᠴᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠶᠡᠭᠡ ᠦᠶᠡᠷ ᠢ ᠰᠡᠷᠭᠡᠶᠢᠯᠡᠬᠦ᠂ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠢ ᠵᠠᠪᠳᠤᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠬᠤ᠂ ᠠᠶᠤᠯᠲᠠᠶ ᠪᠠᠷᠢᠯᠭ᠎ᠠ ᠠᠶᠤᠯᠲᠠᠶ ᠬᠡᠰᠡᠭ ᠢ ᠴᠡᠭᠴᠡᠯᠡᠨ ᠵᠠᠰᠠᠬᠤ᠂ ᠦᠶᠡᠷ ᠲᠠᠢ ᠲᠡᠮᠡᠴᠡᠵᠦ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠵᠡᠷᠭᠡ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠪᠥᠬᠦ ᠲᠠᠯ᠎ᠠ ᠪᠠᠷ ᠥᠨᠳᠥᠷ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ ᠭᠡᠵᠦ  ᠴᠢᠬᠤᠯᠠᠴᠢᠯᠠᠵᠣ᠂ ᠪᠦᠭᠦᠳᠡᠭᠡᠷ ᠢᠶᠠᠨ ᠠᠵᠢᠯ ᠤᠨ ᠪᠠᠶᠢᠷᠢᠨ ᠳᠤ ᠭᠠᠷᠴᠤ᠂ ᠪᠠᠬᠢᠯᠡᠯᠲᠡ ᠪᠠᠨ ᠴᠢᠩᠭ᠎ᠠ ᠰᠠᠬᠢᠵᠤ᠂  ᠦᠬᠦᠨ ᠰᠡᠷᠭᠡᠶᠢᠯᠡᠨ ᠰᠠᠬᠢᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃ ᠬᠤᠯᠪᠣᠭᠳᠠᠯ ᠪᠦᠬᠦᠢ ᠬᠤᠳᠠ ᠶᠢᠨ ᠲᠡᠰ ᠤᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠯᠲᠠ ᠳᠤ ᠣᠷᠣᠯᠴᠠᠪᠠ᠃          ᠴᠢᠩᠭᠢᠰ ᠬᠠᠭᠠᠨ ᠪᠠᠯᠭᠠᠰᠤ ᠶᠢᠨ ᠰᠢᠤ ᠹᠧᠩ ᠤᠰᠤᠨ ᠴᠥᠭᠦᠷᠥᠮ ᠳᠤ᠂ ᠵᠢᠶᠤᠤ ᠭᠠᠩ ᠸᠧᠢ ᠤᠰᠤᠨ ᠴᠥᠭᠦᠷᠥᠮ ᠤᠨ ᠪᠠᠭᠲᠠᠭᠠᠮᠵᠢ᠂ ᠶᠡᠭᠡ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ᠂ ᠦᠶᠡᠷ ᠪᠢᠯᠬᠠᠬᠤ ᠵᠠᠮ ᠤᠨ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠪᠠᠶᠢᠴᠠᠭᠠᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ ᠦᠶᠡᠷ ᠢ ᠥᠩᠭᠡᠷᠡᠭᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃  ᠵᠢᠶᠤᠤ ᠭᠠᠩ ᠸᠧᠶ ᠴᠢᠬᠤᠯᠠᠴᠢᠯᠠᠬᠤ ᠳᠠᠭᠠᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠳᠤ ᠪᠣᠷᠤᠭ᠎ᠠ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠢ  ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠬᠢᠯᠡᠯᠲᠡ ᠪᠠᠨ ᠴᠢᠩᠭ᠎ᠠ ᠰᠠᠬᠢᠵᠤ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ  ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠬᠤ ᠭᠠᠵᠠᠷ ᠣᠷᠣᠨ ᠨᠤᠭᠤᠳ ᠤᠰᠤᠨ ᠴᠥᠭᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠪᠣᠯᠤᠨ ᠠᠵᠢᠯᠯᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠤᠷᠤᠰᠬᠠᠯ ᠤᠨ ᠬᠤᠷᠠᠮᠠᠯ ᠤᠰᠤᠨ ᠤ ᠬᠡᠮᠵᠢᠶ᠎ᠡ ᠶᠢ ᠬᠢᠨᠠᠨ ᠬᠡᠮᠵᠢᠵᠦ ᠲᠥᠰᠦᠭᠡᠯᠡᠬᠦ᠂ ᠬᠠᠰᠢᠯᠭ᠎ᠠ ᠶᠢᠨ ᠠᠮᠤᠷ ᠲᠦᠪᠰᠢᠨ ᠢ ᠪᠠᠶᠢᠴᠠᠭᠠᠬᠤ ᠪᠠ ᠠᠶᠤᠯ ᠢ ᠠᠷᠢᠯᠭᠠᠨ ᠪᠠᠬᠢᠯᠡᠬᠦ᠂ ᠳᠤᠤᠷᠠᠳᠤ ᠤᠷᠤᠰᠬᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠬᠢᠨᠠᠨ ᠬᠠᠮᠢᠶᠠᠷᠴᠤ᠂ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠷᠠᠭᠤᠯᠤᠨ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠡᠯ᠎ᠡ ᠵᠦᠢᠯ ᠤᠨ ᠳᠠᠯᠳᠠ ᠭᠡᠮ ᠢ ᠡᠷᠡᠰ ᠠᠷᠢᠯᠭᠠᠵᠤ᠂ ᠤᠰᠤᠨ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ᠂ ᠶᠠᠪᠤᠭᠳᠠᠭᠤᠰᠢᠲᠠᠶ᠂ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯ ᠠᠴᠠ ᠠᠪᠤᠷᠠᠬᠤ ᠡᠳ᠋ ᠪᠣᠳᠠᠰ᠂ ᠮᠠᠰᠢᠨ ᠲᠥᠬᠦᠭᠡᠷᠦᠮᠵᠢ ᠪᠠ ᠡᠩᠨᠡᠭᠡᠨ ᠤ ᠬᠦᠴᠦᠨ ᠢ ᠤᠷᠢᠳᠴᠢᠯᠠᠨ ᠭᠦᠢᠴᠡᠳ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠤᠨ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠳᠤ ᠠᠶᠤᠯ ᠠᠴᠠ ᠠᠪᠤᠷᠠᠬᠤ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃              ᠵᠦᠩ ᠡᡁᠧ ᠪᠠᠯᠭᠠᠰᠤᠨ ᠤ ᠯᠢ ᠮᠢᠩ ᠲᠣᠰᠬᠤᠨ ᠤ ᠠᠷᠪᠠᠨ ᠨᠢᠭᠡᠳᠦᠭᠡᠷ ᠳᠤᠭᠤᠶᠢᠯᠠᠩ ᠳᠤ᠂ ᠵᠢᠶᠤᠤ ᠭᠠᠩ ᠸᠧᠢ ᠳᠤᠭᠤᠶᠢᠯᠠᠩ ᠤᠨ  ᠬᠦᠭᠦᠷᠭᠡ ᠡᠪᠳᠡᠭᠳᠡᠭᠰᠡᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠶᠤᠯ ᠠᠴᠠ ᠠᠪᠤᠷᠠᠬᠤ ᠲᠥᠰᠦᠯ᠂ ᠵᠠᠪᠳᠤᠨ ᠵᠠᠰᠠᠬᠤ ᠠᠬᠢᠴᠠ᠂ ᠵᠢᠵᠢᠭᠦᠷᠯᠡᠨ ᠰᠠᠬᠢᠬᠤ ᠵᠢᠴᠢ ᠤᠯᠠᠨ ᠲᠦᠮᠡᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠵᠢᠶᠤᠤ ᠭᠠᠩ ᠸᠧᠶ ᠱᠠᠭᠠᠷᠳᠠᠭᠰᠠᠨ ᠨᠢ᠂ ᠣᠯᠠᠨ ᠲᠦᠮᠡᠨ ᠤ ᠠᠰᠢᠭ ᠲᠤᠰᠠ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ ᠂ ᠠᠯᠢᠪᠠ ᠡᠬᠢ ᠪᠠᠶᠠᠯᠢᠭ ᠪᠠ ᠬᠦᠴᠦᠨ ᠴᠢᠳᠠᠯ ᠢ ᠳᠠᠶᠢᠴᠢᠯᠠᠨ᠂ ᠵᠠᠪᠳᠤᠨ ᠵᠠᠰᠠᠵᠤ ᠠᠶᠤᠯ ᠠᠴᠠ ᠠᠪᠤᠷᠠᠬᠤ ᠠᠬᠢᠴᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠠᠮᠤᠷ ᠲᠦᠪᠰᠢᠨ ᠢᠶᠠᠷ ᠪᠠᠷᠢᠯᠭ᠎ᠠ ᠪᠠᠷᠢᠵᠤ᠂ ᠪᠠᠷᠢᠯᠭ᠎ᠠ ᠶᠢᠨ ᠶᠠᠰᠤ ᠴᠢᠨᠠᠷ ᠤᠨ ᠬᠤᠷᠳᠤᠴᠠ ᠶᠢ ᠪᠠᠲᠤᠯᠠᠵᠤ᠂ ᠬᠡᠪ ᠤᠨ ᠨᠡᠪᠲᠡᠷᠡᠯᠲᠡ ᠶᠢ ᠠᠯᠢ ᠲᠦᠷᠭᠡᠨ ᠢᠶᠠᠷ ᠰᠡᠷᠭᠦᠭᠡᠬᠦ ᠶᠢ ᠪᠠᠲᠤᠯᠠᠬᠤ ᠬᠡᠷᠡᠭᠲᠡᠶ᠃ ᠤᠯᠠᠨ ᠲᠦᠮᠡᠨ ᠤ ᠪᠠᠴᠢᠮ ᠬᠡᠷᠡᠭᠴᠡᠭᠡ ᠶᠢ ᠴᠠᠭ ᠲᠤᠬᠠᠶ ᠳᠤᠨᠢ ᠣᠶᠢᠯᠠᠭᠠᠵᠤ᠂ ᠡᠳᠦᠷ ᠲᠤᠳᠤᠮ ᠤᠨ ᠠᠮᠢᠳᠤᠷᠠᠯ ᠤᠨ ᠡᠳ᠋ ᠪᠣᠳᠠᠰ ᠢ ᠬᠦᠷᠭᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠳᠡᠮ ᠬᠡᠷᠡᠭᠯᠡᠵᠦ ᠪᠠᠶᠢᠭ᠎ᠠ ᠤᠯᠠᠨ ᠲᠦᠮᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠬᠡᠰᠡᠭ᠂ ᠠᠶᠤᠯ ᠲᠠᠢ ᠭᠠᠵᠠᠷ ᠲᠤ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠪᠠᠭᠤᠷᠠᠢ ᠭᠤᠭᠴᠤᠭ᠎ᠠ ᠪᠣᠯᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠡᠷᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠤᠷᠢᠳᠴᠢᠯᠠᠨ ᠴᠡᠭᠴᠡᠯᠡᠨ ᠰᠠᠶᠢᠵᠢᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠢ  ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠰᠦᠮᠡᠯ ᠭᠠᠶ ᠭᠠᠮᠰᠢᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ᠂ ᠠᠷᠭ᠎ᠠ ᠵᠠᠮ ᠤᠨ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠳᠠᠮᠵᠢᠭᠤᠯᠤᠨ ᠪᠠᠭᠤᠯᠭᠠᠬᠤ ᠬᠡᠷᠡᠭᠲᠡᠶ᠃            ᠪᠠᠶᠢᠴᠠᠭᠠᠵᠤ ᠬᠢᠨᠠᠨ ᠵᠢᠯᠣᠭᠤᠳᠬᠤ ᠶᠠᠪᠤᠴᠠ ᠳᠤ᠂ ᠵᠢᠶᠤᠤ ᠭᠠᠩ ᠸᠧᠶ ᠵᠠᠮ ᠤᠨ ᠭᠠᠳᠠᠷᠭᠤ ᠳᠤ ᠤᠰᠤ ᠬᠤᠷᠠᠵᠤ᠂ ᠬᠥᠭᠦᠷᠭᠡᠨ ᠤ ᠭᠤᠯᠳᠤᠩ ᠤᠨ ᠨᠤᠷᠠᠯᠲᠠ᠂ ᠲᠠᠷᠢᠶᠠᠨ ᠭᠠᠵᠠᠷ ᠤᠨ ᠭᠠᠮᠰᠢᠭᠳᠠᠯ᠂ ᠭᠡᠷ ᠪᠠᠶᠢᠰᠢᠩ ᠤᠨ ᠰᠦᠢᠳᠦᠯ ᠵᠡᠷᠭᠡ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠲᠡᠷᠡ ᠴᠢᠬᠤᠯᠠᠴᠢᠯᠠᠭᠰᠠᠨ ᠨᠢ᠂ ᠶᠡᠭᠡ ᠦᠶᠡᠷ ᠢ ᠰᠡᠷᠭᠡᠶᠢᠯᠡᠬᠦ᠂ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠢ ᠵᠠᠪᠳᠤᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠮᠦᠨ᠎ᠡ ᠹᠷᠣᠨᠲ ᠲᠤ ᠵᠢᠯᠣᠭᠤᠳᠤᠨ᠂ ᠦᠨᠳᠦᠰᠦᠨ ᠱᠠᠲᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠭᠠᠭᠤᠯᠤᠨ ᠦᠶᠡᠷ ᠢ ᠰᠡᠷᠭᠡᠶᠢᠯᠡᠬᠦ᠂ ᠦᠶᠡᠷ ᠲᠠᠢ ᠲᠡᠮᠡᠴᠡᠬᠦ᠂ ᠠᠶᠤᠯ ᠠᠴᠠ ᠠᠪᠤᠷᠠᠬᠤ᠂ ᠭᠠᠮᠰᠢᠭ ᠠᠴᠠ ᠠᠪᠤᠷᠠᠬᠤ᠂ ᠲᠦᠢᠯ ᠤᠨ ᠬᠦᠨᠳᠦ ᠴᠠᠭ ᠠᠭᠤᠷ ᠢ ᠠᠷᠭᠠᠴᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠬᠢᠵᠦ᠂  ᠭᠠᠮᠰᠢᠭ ᠢ ᠬᠢᠨᠠᠬᠤ ᠭᠠᠮᠰᠢᠭ ᠢ ᠪᠠᠭᠠᠰᠬᠠᠬᠤ ᠠᠵᠢᠯ ᠢ ᠱᠠᠯᠠᠪᠳᠠᠨ ᠥᠷᠨᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠶᠢ ᠬᠠᠪᠰᠤᠷᠤᠨ ᠵᠣᠷᠢᠭᠵᠢᠭᠤᠯᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠦᠨᠡᠨ ᠬᠦ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ  ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号