ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠠᠷᠢᠶᠠᠯᠠᠩ ᠪᠠ ᠰᠢᠨᠵᠢᠯᠡᠬᠦ ᠤᠬᠠᠭᠠᠨ  ᠮᠡᠷᠭᠡᠵᠢᠯ ᠤᠨ ᠰᠢᠰᠲ᠋ᠧᠮ ᠤᠨ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/21
       7 ᠰᠠᠷ᠎ᠠ ᠶᠢᠨ 19      ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠠᠷᠢᠶᠠᠯᠠᠩ  ᠪᠠ ᠰᠢᠨᠵᠢᠯᠡᠬᠦ ᠤᠬᠠᠭᠠᠨ  ᠮᠡᠷᠭᠡᠵᠢᠯ ᠤᠨ ᠰᠢᠰᠲ᠋ᠧᠮ ᠤᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠪᠠ          ᠬᠤᠷᠠᠯ ᠠᠴᠠ ᠱᠠᠭᠠᠷᠳᠠᠭᠰᠠᠨ ᠨᠢ᠂ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠡᠯ᠎ᠡ ᠰᠠᠯᠠᠭ᠎ᠠ ᠮᠥᠴᠢᠷ ᠤᠳ ᠦᠶᠡᠷ ᠰᠡᠷᠭᠡᠶᠢᠯᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠪᠠ ᠰᠢᠨᠵᠢᠯᠡᠬᠦ ᠤᠬᠠᠭᠠᠨ   ᠤ ᠰᠢᠰᠲ᠋ᠧᠮ ᠤᠨ ᠪᠥᠬᠦ ᠠᠵᠢᠯᠲᠠᠳ 24 ᠴᠠᠭ  ᠢᠶᠠᠷ ᠴᠢᠮᠡᠭᠡ ᠮᠡᠳᠡᠭᠡ ᠶᠢ ᠰᠠᠭᠠᠳ ᠥᠭᠡᠢ ᠨᠡᠪᠲᠡᠷᠡᠭᠦᠯᠵᠦ᠂ ᠵᠢᠵᠢᠭᠦᠷᠯᠡᠨ ᠰᠠᠬᠢᠵᠤ᠂ ᠡᠯ᠎ᠡ ᠰᠠᠯᠠᠭ᠎ᠠ ᠮᠥᠴᠢᠷ   ᠤᠳ ᠬᠠᠮᠵᠢᠯᠴᠠᠭ᠎ᠠ ᠪᠠᠨ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠠᠴᠢᠮ ᠪᠠᠶᠢᠳᠠᠯ ᠢ‌ᠠᠷᠭᠠᠴᠠᠬᠤ ᠡᠩᠨᠡᠭᠡ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ  ᠠᠶᠣᠯ  ᠲᠥᠭᠰᠢᠭᠦᠷᠢᠲᠡᠢ ᠲᠠᠯᠳᠠ ᠭᠡᠮ   ᠢ ᠨᠠᠷᠢᠨ ᠨᠢᠮᠪᠠᠶ ᠬᠢᠨᠠᠨ ᠪᠠᠶᠢᠴᠠᠭᠠᠬᠤ ᠪᠠ ᠵᠢᠭᠰᠠᠭᠠᠨ ᠪᠠᠶᠢᠴᠠᠭᠠᠵᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢᠨ ᠬᠠᠮᠲᠤ ᠦᠶᠡᠷ ᠰᠡᠷᠭᠡᠶᠢᠯᠡᠯᠲᠡ ᠶᠢᠨ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠷᠠᠳ ᠤᠯᠠᠨ  ᠤ ᠠᠮᠤᠷ ᠲᠦᠪᠰᠢᠨ  ᠢ ᠲᠡᠷᠢᠭᠦᠨ ᠪᠠᠶᠢᠷᠢᠨ  ᠳᠤ ᠲᠠᠯᠪᠢᠬᠤ ᠬᠡᠷᠡᠭᠲᠡᠶ᠃           ᠬᠤᠷᠠᠯ ᠠᠴᠠ᠂ ᠦᠶᠡᠷᠯᠡᠬᠦ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠠᠷᠢᠶᠠᠯᠠᠩ  ᠪᠠ ᠰᠢᠨᠵᠢᠯᠡᠬᠦ ᠤᠬᠠᠭᠠᠨ  ᠮᠡᠷᠭᠡᠵᠢᠯ ᠤᠨ ᠰᠢᠰᠲ᠋ᠧᠮ ᠤᠨ  ᠪᠦᠷᠢᠨ ᠲᠡᠭᠦᠯᠳᠡᠷ ᠮᠡᠳᠡᠭᠡ ᠵᠠᠩᠭᠢ ᠶᠢᠨ  ᠰᠣᠪᠠᠭ ᠢ ᠪᠠᠶᠢᠭᠤᠯᠵᠤ᠂ ᠬᠠᠮᠤᠭ ᠤᠨ ᠲᠡᠷᠢᠭᠦᠨ ᠳᠤ ᠲᠠᠷᠢᠮᠠᠯ ᠤᠨ ᠵᠦᠢᠯ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠡᠵᠡᠮᠰᠢᠬᠦ ᠶᠢᠨ ᠬᠠᠮᠲᠤ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠦᠷᠭᠡᠨ ᠲᠤᠰᠬᠠᠬᠤ ᠬᠡᠷᠡᠭᠲᠡᠢ  ᠃ ᠦᠶᠡᠷ ᠢ ᠰᠡᠷᠭᠡᠶᠢᠯᠡᠬᠦ ᠪᠠ ᠬᠢᠵᠢᠭ ᠢ ᠰᠡᠷᠭᠡᠶᠢᠯᠡᠬᠦ ᠠᠵᠢᠯ ᠢ ᠤᠶᠠᠯᠳᠤᠭᠤᠯᠵᠤ᠂ ᠣᠳᠣᠬᠠᠨ ᠳᠤ ᠪᠠᠶᠢᠭ᠎ᠠ ᠠᠷᠢᠭᠤᠳᠬᠠᠵᠤ ᠤᠰᠠᠳᠬᠠᠬᠤ ᠲᠥᠬᠦᠭᠡᠷᠦᠮᠵᠢ ᠵᠢᠴᠢ ᠬᠢᠵᠢᠭ ᠢ ᠰᠡᠷᠭᠡᠶᠢᠯᠡᠬᠦ ᠡᠳ᠋ ᠪᠣᠳᠠᠰ ᠢ  ᠪᠦᠷᠢᠳᠬᠡᠵᠦ᠂ ᠲᠥᠬᠦᠭᠡᠷᠦᠮᠵᠢ ᠶᠢ ᠴᠠᠭ ᠲᠤᠬᠠᠶ ᠳᠤᠨᠢ ᠰᠡᠯᠪᠢᠨ ᠵᠠᠰᠠᠬᠤ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠬᠦᠪᠥᠷᠢᠯᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂  ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠢᠷᠭᠡᠳ ᠤᠨ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ  ᠃      
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号