ᠹᠠᠨ  ᠷᠥᠩ ᠵᠡᠭᠡᠯᠢ ᠭᠤᠳᠤᠮᠵᠢ  ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠬᠦ ᠌︾  ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ  ᠦᠷᠨᠢᠭᠦᠯᠪᠡ
ᠨᠡᠶᠢᠲᠡᠯᠡᠭᠰᠡᠨ ᠴᠠᠭ᠄
2021/7/23
     ᠦᠶᠡᠷ ᠤᠨ ᠬᠤᠭᠤᠴᠠᠭ᠎ᠠ ᠬᠦᠷᠴᠦ ᠢᠷᠡᠬᠦ ᠳᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠹᠠᠨ  ᠷᠥᠩ ᠵᠡᠭᠡᠯᠢ ᠭᠤᠳᠤᠮᠵᠢ ᠶᠢᠨ ᠭᠤᠸᠠᠩ ᠮᠢᠩ ᠨᠡᠶᠢᠭᠡᠮ ᠲᠣᠭᠤᠷᠢᠭ   ᠦᠶᠡᠷ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃         ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠂ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠰᠦᠯᠵᠢᠶᠡᠨ ᠤ ᠲᠠᠰᠤᠯᠪᠤᠷᠢ ᠪᠠᠷ ᠲᠦᠭᠰᠢᠭᠦᠷᠢᠲᠦ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠳᠣᠲᠣᠷᠠᠬᠢ ᠬᠠᠭᠤᠴᠢᠨ ᠬᠡᠷ ᠪᠠᠶᠢᠰᠢᠩ᠂ ᠬᠤᠲᠣᠭᠤᠷ ᠭᠠᠵᠠᠷ ᠲᠤ ᠠᠮᠠᠷᠬᠠᠨ ᠤᠰᠤ ᠬᠤᠷᠠᠬᠤ ᠰᠠᠭᠤᠭᠠᠯᠢ ᠠᠷᠠᠳ ᠤᠨ ᠬᠦᠷᠢᠶ᠎ᠡ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ  ᠵᠢᠭᠰᠠᠭᠠᠨ ᠪᠠᠶᠢᠴᠠᠭᠠᠪᠠ᠃ ᠰᠠᠭᠤᠭᠠᠯᠢ ᠠᠷᠠᠳ ᠤᠨ ᠠᠰᠠᠷ ᠤᠨ  ᠰᠠᠭᠤᠭ᠎ᠠ ᠲᠣᠭᠤᠷᠢᠭ ᠤᠨ ᠳᠣᠲᠣᠷᠠᠬᠢ ᠡᠯ᠎ᠡ ᠠᠰᠠᠷ ᠤᠨ ᠤᠰᠤ ᠭᠠᠳᠠᠭᠰᠢᠯᠠᠭᠤᠯᠬᠤ ᠠᠮᠠᠰᠠᠷ ᠵᠢᠴᠢ  ᠰᠠᠭᠤᠭ᠎ᠠ ᠲᠣᠭᠤᠷᠢᠭ ᠤᠨ ᠳᠣᠲᠣᠷᠠᠬᠢ ᠵᠠᠮ ᠤᠨ ᠭᠠᠳᠠᠷᠭᠤ ᠳᠤ ᠤᠰᠤ ᠬᠤᠷᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠠᠮᠠᠷᠬᠠᠨ ᠡᠭᠦᠰᠳᠡᠭ ᠭᠠᠵᠠᠷ ᠢ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ  ᠰᠡᠷᠭᠡᠶᠢᠯᠡᠬᠦ ᠶᠢ  ᠪᠡᠶᠡᠯᠡᠭᠦᠯᠵᠡᠢ᠃ ᠨᠡᠶᠢᠭᠡᠮ ᠲᠣᠭᠤᠷᠢᠭ ᠤᠨ ᠠᠵᠢᠯᠲᠠᠳ  ᠳᠣᠣᠷ᠎ᠠ ᠪᠠᠲᠤᠯᠭᠠᠲᠦ  ᠡᠷᠦᠬᠡ᠂ ᠭᠠᠭᠴᠠᠭᠠᠷ ᠰᠠᠭᠤᠭ᠎ᠠ ᠨᠠᠰᠤᠲᠠᠨ ᠵᠡᠷᠭᠡ ᠪᠠᠭᠤᠷᠠᠶ ᠬᠠᠮᠲᠣ ᠴᠣᠭᠴᠠ  ᠶᠢ ᠰᠤᠷᠪᠤᠯᠵᠢᠯᠠᠵᠤ᠂  ᠰᠠᠭᠤᠭ᠎ᠠ ᠭᠡᠷ ᠤᠨ ᠪᠠᠶᠢᠳᠠᠯ ᠢ ᠪᠠᠶᠢᠴᠠᠭᠠᠵᠤ᠂ ᠰᠠᠭᠤᠭᠠᠯᠢ ᠠᠷᠠᠳ ᠲᠤ ᠡᠷᠬᠡᠪᠰᠢ ᠠᠮᠤᠷ ᠲᠦᠪᠰᠢᠨ ᠢ ᠠᠩᠬᠠᠷᠴᠤ᠂ ᠶᠠᠮᠠᠷᠪᠠ ᠠᠮᠤᠷ ᠲᠦᠪᠰᠢᠨ ᠤ ᠬᠡᠮ ᠰᠣᠭᠤᠭ ᠢ ᠣᠯᠵᠤ ᠮᠡᠳᠡᠪᠡᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠬᠤ ᠬᠡᠷᠡᠭᠲᠡᠶ ᠭᠡᠵᠦ ᠰᠠᠨᠠᠭᠤᠯᠪᠠ᠃ ᠡᠭᠦᠨ ᠠᠴᠠ ᠭᠠᠳᠠᠨ᠎ᠠ᠂ ᠰᠦᠯᠵᠢᠶᠡᠨ ᠤ ᠠᠵᠢᠯᠲᠠᠨ ᠪᠠᠰᠠ LED ᠳᠡᠯᠭᠡᠴᠡ᠂  ᠰᠠᠭᠤᠭ᠎ᠠ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠰᠠᠭᠤᠭᠠᠯᠢ ᠠᠷᠠᠳ ᠤᠨ ᠸᠢᠴᠠᠲ ᠤᠨ ᠪᠦᠯᠦᠭ ᠵᠡᠷᠭᠡ ᠣᠯᠠᠨ   ᠵᠦᠢᠯ ᠤᠨ ᠠᠴᠢᠶᠠᠯᠠᠪᠤᠷᠢ ᠶᠢ ᠠᠰᠢᠭᠯᠠᠨ ᠂ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠬᠦ ᠮᠡᠳᠡᠯᠭᠡ ᠪᠠ ᠥᠪᠡᠷ ᠢ ᠪᠠᠨ ᠠᠪᠤᠷᠬᠠᠤ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠭᠠᠮᠰᠢᠭ ᠲᠤ ᠤᠴᠠᠷᠠᠪᠠᠯ ᠣᠨᠣᠪᠴᠢᠲᠠᠶ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ  ᠰᠢᠢᠳᠪᠦᠷᠢᠯᠡᠵᠦ᠂  ᠥᠭᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠠᠴᠠ  ᠵᠠᠶᠢᠯᠠᠰᠬᠢᠨ᠎ᠡ᠃          ᠲᠠᠷᠠᠭᠠᠴᠢ ᠶᠢᠨ ᠠᠯᠬᠤᠮ ᠳᠤ᠂  ᠹᠠᠨ  ᠷᠥᠩ ᠵᠡᠭᠡᠯᠢ ᠭᠤᠳᠤᠮᠵᠢ ᠶᠢᠨ ᠭᠤᠸᠠᠩ ᠮᠢᠩ ᠨᠡᠶᠢᠭᠡᠮ ᠲᠣᠭᠤᠷᠢᠭ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠶᠡᠷ ᠤᠨ ᠪᠠᠶᠢᠳᠠᠯ ᠪᠣᠯᠤᠨ ᠬᠤᠯᠪᠣᠭᠳᠠᠯ  ᠪᠥᠬᠦᠶ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ ᠶᠢ ᠴᠠᠭ ᠲᠤᠬᠠᠶ ᠳᠤ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ ᠶᠢ ᠪᠠᠲᠤᠯᠠᠵᠤ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ  ᠬᠦᠷᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠡᠯ᠎ᠡ  ᠵᠦᠢᠯ ᠤᠨ ᠠᠵᠢᠯ ᠢ ᠭᠦᠨᠵᠡᠭᠡᠶ ᠪᠥᠭᠡᠳ ᠨᠠᠷᠢᠯᠢᠭ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠦᠪᠰᠢᠨ᠂ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号