ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/7/23
   
     7 ᠰᠠᠷ᠎ᠠ ᠶᠢᠨ 19      ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ  ᠯᠦ ᠶᠠ ᠭᠤᠸᠠᠩ ᠵᠥᠩ ᠾᠧ ᠪᠠᠯᠭᠠᠰᠤᠨ ᠳᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠬᠢᠨᠠᠨ ᠪᠠᠶᠢᠴᠠᠭᠠᠵᠤ᠂ ᠬᠤᠲᠠ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠵᠥᠩ ᠾᠧ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃        ᠯᠢᠦ ᠭᠦᠸᠧ ᠬᠤᠸᠠ ᠨᠠᠷ  ᠵᠢᠶᠠ ᠽᠢ ᠱᠠᠨ ᠲᠣᠰᠬᠤᠨ ᠤ ᠨᠦᠩ ᠹᠠ ᠯᠦᠩ ᠳᠧᠦ ᠴᠢᠦᠶ᠂ ᠵᠢᠶᠠ ᠽᠢ ᠱᠠᠨ ᠠᠭᠤᠯᠠᠨ ᠤ ᠶᠠᠨ ᠵᠢᠶᠠ ᠹᠧᠨ ᠹᠠᠩ ᠶᠡᠭᠡ ᠬᠥᠭᠦᠷᠭᠡ᠂ ᠯᠢ ᠮᠢᠩ ᠲᠣᠰᠬᠤᠨ ᠤ ᠠᠷᠪᠠᠨ ᠨᠢᠭᠡᠳᠦᠭᠡᠷ ᠳᠤᠭᠤᠶᠢᠯᠠᠩ᠂ ᠺᠦ ᠳ᠋ᠢ ᠾᠧ ᠭᠤᠣᠯ ᠤᠨ ᠰᠣᠯᠣᠨ ᠭᠤᠤ ᠶᠡᠭᠡ ᠬᠥᠭᠦᠷᠭᠡ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ  ᠤᠨ ᠣᠳᠣᠬᠠᠨ ᠤ ᠭᠤᠣᠯ ᠮᠥᠷᠡᠨ ᠤ ᠤᠰᠤᠨ ᠲᠦᠪᠰᠢᠨ ᠤ ᠪᠠᠶᠢᠳᠠᠯ ᠵᠢᠴᠢ ᠦᠶᠡᠷ ᠢ ᠰᠡᠷᠭᠡᠶᠢᠯᠡᠬᠦ ᠠᠵᠢᠯ  ᠤᠨ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂  ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠤᠭᠰᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠭᠰᠡᠨ᠂ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠵᠡᠷᠭᠡ  ᠶᠢ ᠨᠠᠷᠢᠨ ᠯᠠᠪᠯᠠᠨ ᠠᠰᠠᠭᠤᠪᠠ᠃     ᠯᠢᠦ ᠭᠦᠸᠧ ᠬᠤᠸᠠ ᠵᠢᠭᠠᠵᠤ ᠭᠠᠷᠭᠠᠭᠰᠠᠨ ᠨᠢ᠂ ᠣᠳᠣᠬᠠᠨ  ᠳᠤ ᠨᠢᠭᠡᠨᠲᠡ ᠦᠶᠡᠷ  ᠤᠨ ᠭᠤᠣᠯ ᠬᠤᠭᠤᠴᠠᠭᠠᠨ  ᠳᠤ ᠤᠷᠤᠭᠰᠠᠨ ᠪᠣᠯᠬᠤᠷ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠪᠣᠯᠤᠨ ᠵᠠᠯᠠᠨ ᠠᠶᠢᠯ ᠬᠤᠳᠠ ᠶᠢᠨ ᠨᠠᠮ  ᠤᠨ ᠬᠤᠷᠢᠶ᠎ᠠ᠂ ᠵᠠᠰᠠᠭ   ᠤᠨ ᠣᠷᠳᠣᠨ ᠤ ᠲᠤᠬᠢᠷᠠᠭᠤᠯᠤᠯᠳᠠ ᠪᠠᠶᠢᠷᠢᠯᠠᠭᠤᠯᠤᠯᠲᠠ  ᠤᠨ ᠶᠣᠰᠣᠭᠠᠷ᠂ ᠠᠷᠠᠳ ᠲᠦᠮᠡᠨ  ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠦᠶᠡᠷ  ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠥᠷᠢᠮ  ᠢ ᠴᠢᠩᠭ᠎ᠠ ᠨᠠᠶᠢᠳᠠᠪᠤᠷᠢᠵᠢᠭᠤᠯᠤᠨ᠂ ᠪᠣᠷᠣᠭᠠᠨ  ᠤ  ᠪᠠᠶᠢᠳᠠᠯ᠂ ᠤᠰᠤᠨ  ᠤ ᠪᠠᠶᠢᠳᠠᠯ᠂ ᠦᠶᠡᠷ  ᠤᠨ ᠪᠠᠶᠢᠳᠠᠯ  ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠭᠠᠮᠰᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠪᠡᠯᠡᠳᠬᠡᠯ ᠲᠥᠰᠦᠯ  ᠢ ᠲᠡᠭᠦᠯᠳᠡᠷᠵᠢᠭᠦᠯᠬᠦ ᠬᠡᠷᠡᠭᠲᠡᠶ᠃      ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠭᠤᠭᠴᠤᠭ᠎ᠠ ᠶᠢ ᠳᠤᠪᠤᠶᠢᠯᠭᠠᠵᠤ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠪᠦᠬᠦ ᠲᠠᠯ᠎ᠠ ᠪᠠᠷ ᠰᠠᠶᠢᠲᠤᠷ ᠬᠢᠵᠦ᠂ ᠠᠶᠤᠯᠲᠠᠢ ᠪᠠᠷᠢᠯᠭ᠎ᠠ ᠶᠢᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠠᠵᠢᠯ ᠢ ᠰᠠᠶᠢᠲᠤᠷ ᠬᠢᠵᠦ᠂ ᠦᠶᠡᠷ ᠤᠨ ᠪᠠᠶᠢᠳᠠᠯ ᠢ ᠠᠷᠭᠠᠴᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠶᠢ ᠲᠣᠬᠢᠲᠠᠢ ᠰᠠᠶᠢᠲᠤᠷ ᠬᠢᠵᠦ᠂ ᠭᠠᠮᠰᠢᠭ ᠠᠴᠠ ᠠᠪᠤᠷᠠᠬᠤ ᠭᠠᠮᠰᠢᠭ ᠢ ᠪᠠᠭᠠᠰᠬᠠᠬᠤ ᠭᠠᠮᠰᠢᠭ ᠤᠨ ᠪᠠᠶᠢᠳᠡᠯ ᠢ ᠡᠮᠬᠢᠯᠡᠬᠦ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ  ᠥᠪᠡᠷ ᠢ ᠪᠠᠨ ᠠᠪᠤᠷᠠᠬᠤ ᠪᠠ ᠭᠠᠮᠰᠢᠭ ᠤᠨ ᠳᠠᠷᠠᠭ᠎ᠠ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠦᠨᠳᠦᠰᠦᠨ ᠦᠢᠯᠡᠳᠪᠦᠷᠢᠯᠡᠯ ᠨᠥᠯᠥᠭᠡᠯᠡᠭᠳᠡᠬᠦ ᠦᠭᠡᠢ ᠪᠠᠶᠢᠬᠤ ᠶᠢ ᠪᠠᠲᠤᠯᠠᠵᠤ᠂ ᠮᠠᠨ ᠤ ᠬᠤᠳᠠ ᠶᠢᠨ ᠦᠶᠡᠷ ᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号