ᠳ᠋ᠠ ᠾᠧ ᠸᠠᠨ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/26
     ᠪᠦᠬᠦ ᠪᠠᠯᠭᠠᠰᠤᠨ ᠤ ᠬᠠᠷᠢᠶ᠎ᠠ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 23      ᠤ ᠡᠳᠦᠷ᠂ ᠳ᠋ᠠ ᠾᠧ ᠸᠠᠨ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠠᠬᠢᠨ ᠲᠤᠬᠢᠷᠠᠭᠤᠯᠤᠯᠳᠠ᠂ ᠲᠠᠬᠢᠨ ᠪᠠᠶᠢᠷᠢᠯᠠᠭᠤᠯᠤᠯᠲᠠ ᠬᠢᠵᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠬᠤᠷᠠᠯ ᠳᠤ ᠣᠷᠣᠯᠴᠠᠵᠤ᠂ ᠪᠠᠯᠭᠠᠰᠤᠨ ᠤ ᠳᠠᠷᠤᠭ᠎ᠠ ᠵᠠᠩ ᠯᠢ ᠭᠦᠸᠧ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠵᠠᠩ ᠯᠢ ᠭᠦᠸᠧ ᠪᠠᠯᠭᠠᠰᠤᠨ ᠤ ᠳᠠᠷᠤᠭ᠎ᠠ ︽ᠬᠥᠯᠥᠨ ᠪᠤᠶᠢᠷ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠤᠢᠢᠷ᠎ᠠ ᠶᠢᠨ ᠬᠤᠶᠠᠷ ᠤᠳᠠᠭ᠎ᠠ ᠶᠢᠨ ᠠᠮᠢᠰᠬᠤᠯ ᠪᠥᠭᠯᠡᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ ᠬᠢᠵᠠᠭᠠᠷ ᠲᠠᠢ  ᠣᠷᠣᠨ ᠵᠠᠢ  ᠳᠤ ᠠᠵᠢᠯᠯᠠᠬᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠬᠤ ᠲᠤᠬᠠᠢ ᠮᠡᠳᠡᠭᠳᠡᠯ︾ ᠢ ᠤᠯᠠᠮᠵᠢᠯᠠᠪᠠ᠃ ᠡᠭᠦᠨ ᠤ ᠬᠠᠮᠲᠤ ᠦᠶᠡᠷ ᠤᠨ ᠬᠤᠭᠤᠴᠠᠭᠠᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠵᠢᠴᠢ ᠣᠨᠴᠠ ᠲᠦᠷᠦᠯ ᠤᠨ ᠠᠵᠢᠯ ᠲᠦᠷᠦᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠳᠤ ᠤᠯᠠᠮ ᠴᠢᠨᠠᠭᠰᠢᠳᠠ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠥᠭᠡᠳ ᠨᠠᠷᠢᠨ ᠨᠢᠭᠲᠠ ᠠᠵᠢᠯ ᠤᠨ ᠪᠠᠶᠢᠷᠢᠯᠠᠭᠤᠯᠤᠯᠲᠠ ᠬᠢᠵᠡᠢ᠃    ᠪᠠᠯᠭᠠᠰᠤᠨ ᠤ ᠨᠠᠮ ᠤᠨ  ᠬᠤᠷᠢᠶ᠎ᠠ ᠶᠢᠨ ᠱᠦᠵᠢ ᠯᠢᠦ ᠬᠤᠩ ᠪᠢᠨ᠂ ᠣᠳᠣᠬᠠᠨ ᠤ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠡᠯᠪᠡᠷᠢ ᠪᠣᠯᠤᠨ ᠡᠭᠦᠷᠭᠡ ᠶᠢ ᠲᠣᠳᠣᠷᠬᠠᠢ ᠲᠠᠨᠢᠵᠤ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠢᠩᠭ᠎ᠠ ᠪᠠᠶᠢᠴᠠᠭᠠᠵᠤ᠂ ᠬᠡᠮ ᠰᠣᠭᠤᠭ ᠤᠨ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠠᠮᠤᠷ ᠲᠦᠪᠰᠢᠨ ᠤ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠴᠢᠩᠭ᠎ᠠ ᠠᠳᠬᠤᠬᠤ ᠬᠡᠷᠡᠭᠲᠡᠢ  ᠃  ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ  ᠭᠡᠵᠡᠢ  ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号