ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ  15 — 17 ᠪᠦᠬᠦᠯᠢ ᠨᠠᠰᠤᠨ ᠤ ᠬᠥᠮᠦᠰ ᠲᠤ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/7/26
    ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ   ᠳᠤ ᠰᠠᠭᠤᠷᠢᠯᠠᠨ᠂ ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ ᠤᠨ ᠬᠢᠨ ᠪᠦᠬᠦᠯᠢ 18 ᠨᠠᠰᠤᠨ ᠠᠴᠠ ᠳᠡᠭᠡᠭᠰᠢᠬᠢ ᠬᠥᠮᠦᠰ ᠲᠤ ᠰᠢᠨ᠎ᠡ ᠸᠠᠺᠼᠢᠨ ᠤ ᠲᠠᠷᠢᠯᠭ᠎ᠠ ᠬᠢᠬᠦ ᠶᠢ ᠦᠷᠭᠦᠯᠵᠢᠯᠡᠨ ᠰᠠᠶᠢᠲᠤᠷ  ᠬᠢᠬᠦ ᠰᠠᠭᠤᠷᠢᠨ ᠳᠡᠭᠡᠷ᠎ᠡ᠂ 15 — 17 ᠨᠠᠰᠤᠨ ᠤ ᠬᠥᠮᠦᠰ ᠲᠤ ᠰᠢᠨ᠎ᠡ ᠸᠠᠺᠼᠢᠨ ᠤ ᠲᠠᠷᠢᠯᠭ᠎ᠠ ᠬᠢᠬᠦ ᠠᠵᠢᠯ ᠢ ᠥᠷᠨᠢᠭᠦᠯᠪᠡ᠃       ᠨᠠᠨᠮᠤ ᠶᠢᠨ ᠣᠷᠴᠣᠨ ᠤ ᠦᠨᠳᠦᠰᠦᠲᠡᠨ ᠤ ᠰᠢᠶᠠᠩ ᠤᠨ ᠲᠠᠷᠢᠯᠭ᠎ᠠ ᠶᠢᠨ ᠭᠠᠵᠠᠷ ᠲᠤ᠂ ᠤᠷᠢᠳᠴᠢᠯᠠᠨ ᠪᠠᠶᠢᠴᠠᠭᠠᠭᠰᠠᠨ ᠤ ᠳᠠᠷᠠᠭ᠎ᠠ ᠡᠮᠴᠢ ᠠᠴᠠ ᠲᠠᠷᠢᠯᠭ᠎ᠠ  ᠬᠢᠬᠦ ᠬᠦᠮᠦᠰ ᠲᠤ ᠪᠠᠶᠢᠳᠠᠯ ᠢ ᠦᠨᠳᠦᠰᠦᠯᠡᠨ ᠲᠠᠷᠢᠯᠭ᠎ᠠ ᠶᠢᠨ ᠰᠠᠨᠠᠯ  ᠦᠭᠴᠦ᠂  ᠨᠥᠬᠦᠴᠡᠯ ᠳᠤ ᠨᠡᠶᠢᠴᠡᠬᠦ ᠬᠥᠮᠦᠨ ᠳᠤ  ᠬᠠᠷᠠᠭᠠᠯᠵᠠᠨ ᠬᠠᠮᠠᠭᠠᠯᠠᠭᠴᠢ ᠨᠢ ᠪᠠᠷ᠎ᠠ ᠪᠣᠯᠵᠣ᠂ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠢᠶᠠᠨ ᠠᠪᠴᠤ ᠲᠠᠷᠢᠯᠭ᠎ᠠ ᠶᠢᠨ ᠭᠠᠵᠠᠷ ᠲᠤ ᠳᠡᠩᠰᠡᠯᠡᠨ ᠲᠡᠮᠳᠡᠭᠯᠡᠵᠦ᠂ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠢᠶᠠᠨ ᠠᠪᠤᠭᠰᠠᠨ ᠤ ᠳᠠᠷᠠᠭ᠎ᠠ ᠲᠠᠰ ᠳᠠᠷᠠᠭᠠᠯᠠᠯ ᠢᠶᠠᠷ ᠲᠠᠷᠢᠯᠭ᠎ᠠ ᠬᠢᠵᠡᠢ᠃ ᠲᠠᠷᠢᠯᠭ᠎ᠠ ᠬᠢᠵᠦ ᠪᠠᠷᠠᠭᠰᠠᠨ ᠤ ᠳᠠᠷᠠᠭ᠎ᠠ ᠲᠠᠷᠢᠯᠭ᠎ᠠ ᠶᠢᠨ ᠲᠤᠬᠠᠶ ᠶᠢᠨ ᠲᠠᠯᠠᠪᠤᠷ ᠲᠤ 30 ᠮᠢᠨᠦ᠋ᠲ ᠠᠵᠢᠭᠯᠠᠨ᠎ᠠ᠂ ᠶᠠᠮᠠᠷ ᠴᠤ ᠬᠡᠪ ᠤᠨ ᠪᠤᠰᠤ ᠲᠤᠰᠬᠠᠯ ᠦᠭᠡᠢ ᠪᠣᠯ ᠰᠠᠶ᠋ᠢ ᠲᠠᠷᠢᠯᠭ᠎ᠠ ᠶᠢᠨ  ᠭᠠᠵᠠᠷ ᠠᠴᠠ ᠰᠠᠯᠵᠤ ᠪᠣᠯᠤᠨ᠎ᠠ᠃     ᠸᠠᠺᠼᠢᠨ ᠤ ᠲᠠᠷᠢᠯᠭ᠎ᠠ ᠪᠣᠯ ᠬᠢᠵᠢᠭ ᠤᠨ ᠪᠠᠶᠢᠳᠠᠯ ᠢ ᠣᠷᠳᠣ ᠬᠤᠭᠤᠴᠠᠭ᠎ᠠ ᠪᠠᠷ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠵᠡᠪᠰᠡᠭ ᠪᠠ ᠠᠷᠭ᠎ᠠ ᠪᠠᠷᠢᠯ ᠮᠥᠨ᠂ ᠲᠠᠷᠠᠭᠠᠴᠢ ᠶᠢᠨ ᠠᠯᠬᠤᠮ ᠳᠤ ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ ᠤᠨ ᠬᠢᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠣᠯᠠᠨ ᠲᠦᠮᠡᠨ ᠢ ᠳᠠᠶᠢᠴᠢᠯᠠᠨ ᠸᠠᠺᠼᠢᠨ ᠤ ᠲᠠᠷᠢᠯᠭ᠎ᠠ ᠶᠢ ᠢᠳᠡᠪᠬᠢᠲᠡᠶ ᠪᠠᠷ ᠬᠢᠯᠭᠡᠵᠦ᠂ ᠪᠥᠬᠦ ᠰᠢᠶᠠᠩ ᠤᠨ ︽ᠠᠷᠠᠳ ᠨᠡᠶᠢᠲᠡ ᠪᠠᠷ ᠢᠶᠠᠨ ᠲᠠᠷᠢᠯᠭ᠎ᠠ ᠬᠢᠬᠦ᠂ ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠵᠠᠭᠪᠤᠷ ᠢ ᠡᠬᠢᠯᠡᠨ ᠬᠡᠷᠡᠭᠵᠢᠭᠦᠯᠵᠦ᠂ ᠬᠠᠷᠢᠶᠠᠲᠤ ᠣᠷᠣᠨ ᠤ ᠲᠠᠷᠢᠯᠭ᠎ᠠ ᠬᠢᠭᠰᠡᠨ ᠥᠬᠡᠶ ᠬᠥᠮᠦᠨ ᠤ ᠲᠤᠭ᠎ᠠ ᠶᠢ ᠦᠭᠡᠶᠢᠰᠬᠡᠬᠦ ᠪᠠᠷ ᠴᠢᠷᠮᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号