ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ ᠡᠪ ᠬᠠᠮᠲᠤ ᠵᠠᠯᠠᠭᠤᠴᠤᠳ ᠤᠨ | ᠡᠪᠯᠡᠯ ᠤᠨ ᠴᠢᠳᠠᠪᠤᠷᠢ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠵᠠᠯᠠᠨ | ᠠᠶᠢᠯ ᠬᠤᠲᠠ ᠶᠢᠨ ᠡᠪᠯᠡᠯ ᠤᠨ ᠬᠤᠷᠢᠶ᠎ᠠ ᠪᠥᠬᠦ ᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ | ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠡᠪ ᠬᠠᠮᠲᠤ | ᠵᠠᠯᠠᠭᠤᠴᠤᠳ ᠤᠨ ᠡᠪᠯᠡᠯ ᠤᠨ 178 ᠺᠠᠳ᠋ᠷ ᠪᠣᠯᠪᠠᠰᠤᠷᠠᠯ ᠳᠤ ᠣᠷᠣᠯᠴᠠᠵᠠᠶ᠃ | | ᠪᠣᠯᠪᠠᠰᠤᠷᠠᠯ ᠨᠢ ᠨᠠᠮ ᠤᠨ ᠰᠤᠷᠭᠠᠭᠤᠯᠢ ᠶᠢᠨ ᠨᠢᠭᠡᠳᠦᠭᠡᠷ ᠳᠠᠪᠬᠤᠷᠯᠢᠭ ᠤᠨ ᠮᠡᠳᠡᠭᠦᠯᠦᠯᠲᠡ ᠶᠢᠨ ᠲᠢᠩᠬᠢᠮ ᠳᠤ | ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠭᠤᠯᠵᠤ᠂ ᠵᠠᠯᠠᠨ ᠠᠶᠢᠯ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠡᠳ᠋ ᠳᠠᠷᠤᠭ᠎ᠠ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠳᠡᠳ᠋ ᠱᠦᠵᠢ | ᠰᠦᠩ ᠢᠦᠢ ᠢᠦᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ᠂ ᠳ᠋ᠣᠺᠲ᠋ᠣᠷᠠᠨᠲ ᠯᠢᠦ | ᠶᠤᠸᠠᠨ᠂ ᠬᠤᠳᠠ ᠶᠢᠨ ᠡᠪᠯᠡᠯ ᠤᠨ ᠬᠤᠷᠢᠶ᠎ᠠ ᠶᠢᠨ ᠱᠦᠵᠢ ᠼᠦᠢ ᠯᠢ ᠬᠤᠩ ᠰᠤᠷᠤᠯᠭ᠎ᠠ ᠡᠬᠢᠯᠡᠬᠦ ᠶᠣᠰᠣᠯᠠᠯ ᠳᠤ | ᠣᠷᠣᠯᠴᠠᠪᠠ᠃ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠥᠩ ᠢᠦᠶ ᠢᠦᠶ ᠬᠤᠲᠠ ᠶᠢᠨ ᠡᠪᠯᠡᠯ ᠤᠨ ᠬᠤᠷᠢᠶᠠᠨ ᠤ | ᠣᠶᠢᠷ᠎ᠠ ᠶᠢᠨ ᠵᠢᠯ ᠤᠨ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠲᠤᠰ ᠤᠳᠠᠭ᠎ᠠ ᠶᠢᠨ | ᠪᠣᠯᠪᠠᠰᠤᠷᠠᠯ ᠢ ᠰᠠᠶᠢᠲᠤᠷ ᠬᠢᠬᠦ ᠵᠢᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷᠴᠤᠳ ᠤᠨ ᠡᠭᠦᠷᠭᠡ | ᠬᠠᠷᠢᠭᠤᠴᠠᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠦᠰᠡᠯ ᠨᠠᠶᠢᠳᠠᠯᠭ᠎ᠠ ᠲᠠᠯᠪᠢᠵᠤ᠂ ᠲᠣᠳᠣᠷᠬᠠᠢ | ᠱᠠᠭᠠᠷᠳᠠᠯᠭ᠎ᠠ ᠳᠤᠷᠠᠳᠴᠠᠢ᠂ ᠲᠡᠷᠡ ᠴᠢᠬᠤᠯᠠᠴᠢᠯᠠᠭᠰᠠᠨ ᠨᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ | ᠤᠬᠠᠮᠰᠠᠷ ᠠᠴᠠ ᠪᠠᠨ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠬᠡᠷᠡᠭᠯᠡᠨ ᠠᠰᠠᠭᠤᠳᠠᠯ ᠢ | ᠠᠵᠢᠭᠯᠠᠨ ᠵᠠᠳᠠᠯᠵᠤ᠂ ᠵᠥᠪ ᠤᠯᠤᠰ ᠲᠦᠷᠦ ᠶᠢᠨ ᠴᠢᠭᠯᠡᠯ ᠢ ᠤᠯᠠᠮ ᠴᠢᠨᠠᠭᠰᠢᠳᠠ ᠪᠠᠲᠤᠳᠬᠠᠵᠤ᠂ ︽ᠲᠦᠷᠪᠡᠨ | ᠢᠲᠡᠭᠡᠯ︾ ᠢᠶᠠᠨ ᠴᠢᠩᠭᠠᠳᠬᠠᠬᠤ ᠬᠡᠷᠡᠭᠲᠡᠢ ᠭᠡᠵᠡᠢ᠃ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠨ᠎ᠠ᠃ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠵᠣᠷᠢᠭᠲᠠᠢ ᠪᠠᠷ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠡᠷᠡᠯᠬᠡᠭᠯᠡᠬᠦ ᠤᠷᠤᠭᠰᠢᠯᠠᠭᠴᠢ ᠪᠣᠯᠬᠤ ᠬᠡᠷᠡᠭᠲᠡᠢ ᠃ ᠲᠤᠰ ᠤᠳᠠᠭ᠎ᠠ ᠶᠢᠨ | ᠪᠣᠯᠪᠠᠰᠤᠷᠠᠯ ᠢ ᠮᠡᠳᠡᠯᠭᠡ ᠶᠢᠨ ᠰᠢᠨᠡᠴᠢᠯᠡᠯᠲᠡ ᠶᠢ ᠲᠦᠷᠭᠡᠳᠬᠡᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ | ᠪᠣᠯᠭᠠᠵᠤ᠂ ᠰᠡᠳᠬᠢᠯ ᠰᠢᠭᠤᠳᠤᠨ ᠭᠦᠨᠵᠡᠭᠡᠢ ᠰᠤᠳᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠬᠤ ᠬᠡᠷᠡᠭᠲᠡᠢ᠃ | | ᠪᠣᠯᠪᠠᠰᠤᠷᠠᠯ ᠳᠤᠮᠳᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ᠂ | ᠳ᠋ᠣᠺᠲ᠋ᠣᠷᠠᠨᠲ ᠯᠢᠦ ᠶᠤᠸᠠᠨ ᠵᠠᠭᠤᠨ ᠵᠢᠯ ᠤᠨ ᠠᠮᠵᠢᠯᠲᠠ ᠶᠢ ᠬᠢᠯᠪᠠᠷᠬᠠᠨ ᠢᠶᠠᠷ ᠣᠯᠤᠭᠰᠠᠨ ᠦᠭᠡᠢ ᠂ ᠲᠥᠪ | ᠴᠢᠩᠭ᠎ᠠ ᠪᠠᠷ ᠬᠥᠮᠦᠰ ᠢ ᠵᠣᠷᠢᠭᠵᠢᠭᠤᠯᠤᠨ᠂ ᠠᠮᠵᠢᠯᠲᠠ ᠲᠠᠢ ᠲᠤᠷᠰᠢᠯᠭ᠎ᠠ ᠪᠠᠨ ᠲᠠᠶᠠᠭᠳᠠᠵᠤ ᠪᠣᠯᠬᠤ ᠦᠭᠡᠢ᠂ ᠨᠠᠮ | ᠪᠠᠶᠢᠭᠤᠯᠬᠤ ᠵᠣᠷᠢᠭ ᠰᠠᠨᠠᠭ᠎ᠠ ᠡᠷᠬᠢᠮ ᠨᠠᠨᠳᠢᠨ ᠭᠡᠬᠦ ᠲᠦᠷᠪᠡᠨ ᠲᠠᠯ᠎ᠠ ᠪᠠᠷ ︽ᠶᠡᠷᠦᠩᠬᠡᠶ ᠱᠦᠵᠢ ᠶᠢᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ︾ ᠲᠤᠬᠠᠶ ᠬᠢᠴᠢᠶᠡᠯ ᠣᠷᠣᠵᠤ᠂ | ᠬᠤᠶᠢᠰᠢᠳᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ ᠬᠢᠬᠦ ᠳᠤ ᠵᠦᠭᠯᠡᠭᠦᠷ ᠬᠠᠩᠭᠠᠵᠤ᠂ | ᠴᠢᠭᠯᠡᠯ ᠢ ᠨᠢ ᠣᠨᠣᠭᠠᠵᠠᠶ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ | ᠫᠷᠤᠹᠧᠰᠰᠤᠷ ᠯᠢᠦ ᠵᠦᠩ ᠰᠢᠩ᠂ ᠵᠠᠯᠠᠨ ᠠᠶᠢᠯ ᠬᠤᠲᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ ᠫᠢᠩ ᠱᠤᠸᠠᠢ | ᠪᠠᠰᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ | ᠡᠪᠯᠡᠯ ᠤᠨ ᠶᠠᠪᠤᠳᠠᠯ ᠤᠨ ᠰᠠᠭᠤᠷᠢ ᠮᠡᠳᠡᠯᠭᠡ︾ ᠵᠡᠷᠭᠡ ᠠᠭᠤᠯᠭ᠎ᠠ ᠶᠢᠨ ᠲᠤᠬᠠᠢ ᠲᠤᠰ ᠲᠤᠰ ᠬᠢᠴᠢᠶᠡᠯ ᠣᠷᠣᠵᠠᠢ᠃ | ᠪᠣᠯᠪᠠᠰᠤᠷᠠᠯ ᠤᠨ ᠦᠳᠡ ᠶᠢᠨ ᠬᠤᠶᠢᠨ᠎ᠠ᠂ ᠡᠪᠯᠡᠯ ᠤᠨ ᠬᠤᠳᠠ ᠶᠢᠨ ᠬᠤᠷᠢᠶ᠎ᠠ ᠠᠴᠠ ᠪᠦᠬᠦ ᠬᠤᠳᠠ ᠶᠢᠨ ᠡᠪᠯᠡᠯ ᠤᠨ | ᠺᠠᠳ᠋ᠷᠴᠤᠳ ᠢ ᠵᠣᠬᠢᠶᠠᠨ ᠪᠠᠶᠢᠭᠤᠯᠵᠤ ᠡᡁᠧᠩ ᠳ᠋ᠢᠶᠠᠨ ᠤ ᠺᠢᠨᠣ᠋ ᠶᠢᠨ ᠬᠤᠳᠠ ᠳᠤ ︽ᠬᠤᠪᠢᠰᠬᠠᠯ ᠤᠨ ᠴᠢᠰᠤᠨ | ᠰᠤᠳᠠᠰᠤ ᠶᠢ ᠦᠷᠭᠦᠯᠵᠢᠯᠡᠭᠦᠯᠦᠨ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠤᠶ᠎ᠠ︾ ᠭᠡᠬᠦ ᠭᠤᠣᠯ | ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠡᠪᠯᠡᠯ ᠳᠤ ᠣᠷᠣᠬᠤ ᠲᠠᠩᠭᠠᠷᠢᠭ ᠤᠨ ᠦᠭᠡᠰ ᠢ | ᠲᠠᠬᠢᠨ ᠡᠷᠭᠢᠴᠡᠭᠦᠯᠵᠦ᠂ ᠬᠤᠪᠢᠰᠬᠠᠯ ᠤᠨ ᠺᠢᠨᠣ᠋ ︽1921︾ ᠶᠢ ᠰᠣᠨᠢᠷᠬᠠᠪᠠ᠂ ᠡᠭᠦᠨ ᠤ ᠵᠣᠷᠢᠯᠭ᠎ᠠ ᠨᠢ | ᠡᠪᠯᠡᠯ ᠤᠨ ᠺᠠᠳ᠋ᠷᠴᠤᠳ ᠲᠤ ᠳᠤᠮᠳᠠᠳᠤ ᠤᠯᠤᠰ ᠤᠨ ᠡᠪ ᠬᠠᠮᠲᠤᠴᠤᠳ ᠤᠨ ᠠᠮᠢᠳᠣᠷᠠᠯ ᠤᠨ ᠬᠦᠴᠢᠷ ᠪᠡᠷᠬᠡᠰᠢᠶᠡᠯ | ᠳᠤ ᠨᠤᠭᠤᠷᠠᠬᠤ ᠦᠭᠡᠢ᠂ ᠦᠨᠡᠨᠴᠢ ᠰᠢᠳᠤᠷᠭᠤ ᠢᠲᠡᠭᠡᠯ ᠪᠢᠰᠢᠷᠡᠯ ᠢ ᠪᠤᠢ ᠪᠣᠯᠭᠠᠭᠰᠠᠨ ᠭᠡᠷᠡᠯ ᠰᠠᠴᠤᠷᠠᠩᠭᠤᠢ | ᠥᠩᠭᠡᠷᠡᠯᠲᠡ ᠶᠢ ᠨᠡᠩ ᠭᠦᠨᠵᠡᠭᠡᠢ ᠣᠶᠢᠯᠠᠭᠠᠭᠤᠯᠵᠤ᠂ ᠳᠤᠮᠳᠠ ᠠᠴᠠ ᠨᠢ ᠡᠷᠡᠯᠬᠡᠭᠯᠡᠨ ᠤᠷᠤᠭᠰᠢᠯᠠᠬᠤ ᠬᠦᠴᠦᠨ ᠢ | ᠰᠢᠩᠭᠡᠭᠡᠨ ᠠᠪᠴᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠬᠦ ᠶᠢᠨ ᠲᠥᠯᠥᠭᠡ ᠶᠤᠮ᠃ | | ᠳᠠᠷᠠᠭᠠᠴᠢ ᠪᠠᠷ᠂ ᠡᠪᠯᠡᠯ ᠤᠨ ᠬᠤᠲᠠ ᠶᠢᠨ ᠬᠤᠷᠢᠶ᠎ᠠ ᠦᠷᠭᠦᠯᠵᠢᠯᠡᠨ ᠵᠠᠯᠠᠭᠤᠴᠤᠳ ᠢ ᠵᠣᠬᠢᠶᠠᠨ ᠪᠠᠶᠢᠭᠤᠯᠬᠤ᠂ | ᠵᠠᠯᠠᠭᠤᠴᠤᠳ ᠲᠤ ᠦᠢᠯᠡᠴᠢᠯᠡᠬᠦ᠂ ᠵᠠᠯᠠᠭᠤᠴᠤᠳ ᠢ ᠨᠢᠭᠲᠠᠷᠠᠭᠤᠯᠬᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠰᠢᠨᠲᠠᠷᠠᠰᠢ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ | ᠳᠦᠷᠢ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠵᠠᠯᠠᠨ ᠠᠶᠢᠯ ᠬᠤᠳᠠ ᠶᠢᠨ ᠡᠪ ᠬᠠᠮᠲᠤ ᠵᠠᠯᠠᠭᠤᠴᠤᠳ ᠤᠨ | ᠡᠪᠯᠡᠯ ᠤᠨ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ | ᠡᠯ᠎ᠡ ᠲᠦᠷᠦᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ | ᠨᠠᠮ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠵᠠᠯᠠᠭᠤ ᠨᠠᠰᠤᠨ ᠤ | ᠲᠠᠩᠭᠠᠷᠢᠭ ᠢᠶᠠᠨ ᠦᠢᠯᠡᠳᠦᠯᠭᠡᠵᠢᠭᠦᠯᠦᠨ᠎ᠡ᠃ | | |