ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ︽  ᠰᠠᠶᠢᠨ ᠳᠤᠷ᠎ᠠ ᠠᠴᠠ ᠪᠠᠨ ᠨᠠᠰᠤᠲᠠᠨ ᠢᠶᠠᠨ ᠬᠦᠨᠳᠦᠯᠡᠵᠦ ᠬᠠᠶᠢᠷ᠎ᠠ ᠰᠡᠳᠬᠢᠯᠭᠡ ᠪᠠᠨ ᠳᠠᠮᠵᠢᠭᠤᠯᠬᠤ︾ ᠨᠡᠶᠢᠭᠡᠮ  ᠤᠨ  ᠤᠶᠢᠯᠡᠳᠤᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/26
     ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂  ᠨᠠᠰᠤᠲᠠᠨ ᠢᠶᠠᠨ ᠬᠦᠨᠳᠦᠯᠡᠬᠦ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠪᠣᠳᠠᠲᠠᠢ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠰᠠᠨᠠᠭᠠᠴᠢᠯᠠᠵᠤ᠂ ︽ᠨᠠᠮ ᠳᠠᠭᠠᠨ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠵᠠᠯᠠᠭᠤ ᠨᠠᠰᠤᠨ ᠤ ᠲᠠᠩᠭᠠᠷᠢᠭ ᠢᠶᠠᠨ ᠦᠢᠯᠡᠳᠦᠯᠭᠡᠵᠢᠭᠦᠯᠬᠦ ᠶᠢᠨ ᠲᠥᠯᠥᠭᠡ᠂ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠣᠯᠤᠨ ᠵᠠᠯᠠᠨ ᠠᠶᠢᠯ ᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠤᠯᠠᠭᠠᠨ ᠵᠠᠭᠠᠯᠮᠠᠶᠢᠳᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠᠶᠢᠭᠤᠯᠤᠭᠳᠠᠬᠤ ᠶᠡᠭᠡ ᠬᠤᠷᠠᠯ ᠬᠢᠭᠰᠡᠨ ᠤ ᠲᠠᠷᠠᠭ᠎ᠠ᠂ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠠᠷᠢᠶᠠᠯᠠᠩ ᠤᠢ ᠰᠢᠭᠤᠢ ᠶᠢᠨ ᠢᠨᠵᠧᠨᠧᠷᠢᠩ ᠤᠨ ᠰᠠᠯᠪᠤᠷᠢ ᠶᠢᠨ 2020 ᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠤᠢ ᠰᠢᠭᠤᠢ ᠶᠢᠨ ᠮᠡᠷᠭᠡᠵᠢᠯ ᠤᠨ  ᠬᠤᠶᠠᠳᠣᠭᠠᠷ ᠠᠩᠬᠢ ᠶᠢᠨ ᠤᠯᠠᠭᠠᠨ ᠵᠠᠭᠠᠯᠮᠠᠶᠢᠳᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠬᠠᠪᠰᠤᠷᠤᠨ ᠵᠢᠯᠤᠭᠤᠳᠤᠬᠴᠢ ᠪᠠᠭᠰᠢ ᠶᠢᠨ ᠲᠠᠭᠠᠭᠤᠯᠭ᠎ᠠ ᠪᠠᠷ ᠵᠠᠯᠠᠨ ᠠᠶᠢᠯ ᠬᠤᠳᠠ ᠶᠢᠨ ᠲᠢᠶᠠᠨ ᠹᠧᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃     ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠦᠭᠰᠡᠨ ᠤ ᠲᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠴᠢᠳ ᠤᠨ ᠨᠢᠭᠡ ᠪᠦᠯᠦᠭ ᠨᠢ ᠨᠠᠰᠤᠲᠠᠶᠢᠴᠤᠳ ᠲᠤ ᠪᠠᠷ᠎ᠠ ᠪᠤᠯᠵᠤ ᠰᠡᠳᠬᠢᠯ ᠤᠨ ᠦᠭᠡ ᠪᠠᠨ ᠶᠠᠷᠢᠯᠴᠠᠵᠤ᠂ ᠲᠡᠳᠡᠨ ᠤ ᠥᠩᠭᠡᠷᠡᠭᠰᠡᠨ ᠤ ᠣᠨ ᠰᠠᠷ᠎ᠠ ᠶᠢᠨ ᠦᠯᠢᠭᠡᠷ ᠢᠶᠠᠨ ᠶᠠᠷᠢᠬᠤ ᠶᠢ ᠰᠣᠨᠣᠰᠴᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠢ ᠠᠰᠠᠭᠤᠵᠤ᠂ ᠲᠡᠳᠡᠨ ᠲᠠᠢ ᠠᠮᠢᠳᠤᠷᠠᠯ ᠤᠨ ᠳᠤᠮᠳᠠᠬᠢ ᠰᠣᠨᠢᠷᠬᠠᠯ ᠲᠠᠢ ᠤᠴᠢᠷ ᠢᠶᠠᠨ ᠬᠤᠪᠢᠶᠠᠯᠴᠠᠳᠠᠭ  ᠃ ᠨᠦᠭᠦᠭᠡ ᠨᠢᠭᠡ ᠬᠡᠰᠡᠭ ᠨᠢ ᠴᠡᠪᠡᠷᠯᠡᠭᠡ ᠬᠢᠬᠦ᠂ ᠡᠪᠡᠰᠦ ᠦᠭᠲᠡᠭᠡᠬᠦ᠂ ᠣᠷᠣ  ᠳᠡᠪᠢᠰᠬᠡᠷ ᠢ ᠲᠡᠭᠰᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠨᠠᠰᠤᠲᠠᠶᠢᠴᠤᠳ ᠤᠨ ᠦᠨᠡᠨ ᠰᠡᠳᠬᠢᠯ ᠤᠨ ᠢᠨᠢᠶᠡᠳᠦ ᠶᠢ ᠣᠯᠵᠤ ᠬᠠᠷᠠᠬᠤ ᠨᠢ ᠰᠠᠶᠢᠨ ᠳᠤᠷ᠎ᠠ ᠶᠢᠨ ᠠᠵᠢᠯᠯᠠᠭᠴᠢᠳ ᠲᠤ ᠥᠭᠭᠦᠭᠰᠡᠨ ᠬᠠᠮᠤᠭ ᠤᠨ ᠰᠠᠶᠢᠨ ᠵᠣᠷᠢᠭᠵᠢᠭᠤᠯᠤᠯ ᠪᠣᠯᠤᠨ᠎ᠠ᠃       ᠲᠣᠰ ᠣᠳᠠᠭᠠᠨ ᠤ ᠠᠵᠢᠯᠯᠠᠭ᠎ᠠ ᠨᠢ ᠰᠠᠶᠢᠨ ᠳᠤᠷ᠎ᠠ ᠶᠢᠨ ᠠᠵᠢᠯᠯᠠᠭᠴᠢᠳ ᠲᠤ ᠨᠠᠰᠤᠲᠠᠶᠢᠴᠤᠳ ᠢ ᠬᠠᠪᠰᠤᠷᠬᠤ ᠶᠢᠨ ᠬᠠᠮᠲᠤ  ᠪᠠᠰᠠ  ᠬᠠᠪᠰᠤᠷᠤᠯᠭ᠎ᠠ   ᠶᠢᠨ ᠪᠠᠶᠠᠷ ᠪᠠᠭ᠋ᠠᠳᠤᠯ  ᠢ ᠣᠶᠢᠯᠠᠭᠠᠭᠤᠯᠵᠤ᠂ ᠬᠤᠶᠢᠰᠢᠳᠠ ᠡᠶᠢᠮᠦᠷᠬᠦ ᠠᠵᠢᠯᠯᠠᠭ᠎ᠠ ᠳᠤ ᠢᠯᠡᠭᠦᠬᠡᠨ ᠣᠷᠣᠯᠴᠠᠬᠤ ᠶᠢᠨ ᠬᠠᠮᠲᠤ ᠳᠡᠷᠭᠡᠳᠡᠬᠢ ᠨᠠᠶᠢᠵᠢ ᠨᠠᠷ ᠢᠶᠠᠨ ᠵᠣᠷᠢᠭᠵᠢᠭᠤᠯᠤᠨ ᠬᠠᠮᠲᠤ ᠪᠠᠷ ᠣᠷᠣᠯᠴᠠᠭᠤᠯᠵᠤ᠂ ᠨᠠᠰᠤᠲᠠᠨ ᠢᠶᠠᠨ ᠬᠦᠨᠳᠦᠯᠡᠬᠦ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ ᠳᠡᠯᠭᠡᠷᠡᠭᠦᠯᠦᠨ᠎ᠡ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号