ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠬᠡᠯᠲᠡᠰ ᠳᠥᠴᠢᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 22      ᠤᠨ ᠡᠳᠦᠷ᠂ ᠮᠠᠨ ᠤ ᠬᠤᠲᠠ ᠶᠢᠨ  ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠬᠡᠯᠲᠡᠰ ᠳᠥᠴᠢᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠵᠢᠴᠢ  ᠰᠢᠨ᠎ᠡ ᠲᠢᠲᠢᠮᠯᠢᠭ   ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠬᠤᠷᠠᠯ  ᠬᠤᠷᠠᠯᠳᠤᠪᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ  ᠮᠧᠩ ᠭᠠᠩ᠂ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ  ᠬᠡᠯᠲᠡᠰ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ  ᠰᠢᠨ᠎ᠡ ᠲᠢᠲᠢᠮᠯᠢᠭ  ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠡᠴᠠ‌ᠵᠢᠭᠠᠵᠤ  ᠭᠠᠷᠭᠠᠭᠰᠠᠨ ᠨᠢ᠂ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠪᠣᠯ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠴᠢᠬᠤᠯᠠ ᠠᠴᠠ ᠴᠢᠬᠤᠯᠠ ᠠᠵᠢᠯ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠸᠠᠺᠼᠢᠨ ᠤ ᠲᠠᠷᠢᠯᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠡᠷᠢᠭᠦᠨ ᠴᠢᠬᠤᠯᠠ  ᠡᠭᠦᠷᠭᠡ ᠪᠣᠯᠭᠠᠨ ᠠᠳᠬᠤᠵᠤ  ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠲᠠ ᠶᠢ ᠴᠢᠩᠭᠠᠳᠬᠠᠵᠤ᠂ ᠣᠷᠣᠨ ᠨᠤᠲᠤᠭ ᠪᠠ ᠰᠠᠯᠠᠭ᠎ᠠ ᠮᠥᠴᠢᠷ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠥᠮᠦᠰ ᠲᠤ ᠸᠠᠺᠼᠢᠨ ᠳᠠᠷᠢᠬᠤ ᠠᠵᠢᠯ ᠢ ᠬᠠᠮᠵᠢᠯᠴᠠᠨ ᠠᠬᠢᠭᠤᠯᠵᠤ᠂ ᠮᠠᠨ ᠤ ᠬᠤᠲᠠ ᠶᠢᠨ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠬᠡᠨ ᠪᠠᠶᠢᠭᠤᠯᠬᠤ ᠬᠡᠷᠡᠭᠲᠡᠶ  ᠭᠡᠵᠡᠢ᠃      ᠬᠤᠷᠠᠯ  ᠳᠡᠭᠡᠷ᠎ᠡ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠭᠡᠢ  ᠵᠠᠪᠰᠢᠬᠤ  ᠦᠭᠡᠢ ᠰᠤᠯᠠᠷᠠᠬᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ  ᠴᠢᠩᠭᠠᠳᠬᠠᠵᠤ  ᠂ ᠪᠥᠬᠦ ᠬᠤᠲᠠ ᠪᠠᠷ ᠢᠶᠠᠨ ᠡᠷᠬᠡᠪᠰᠢ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠸᠠᠺᠼᠢᠨ ᠤ ᠲᠠᠷᠢᠯᠭ᠎ᠠ ᠶᠢᠨ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠬᠠᠤᠯᠢ ᠶᠣᠰᠣᠭᠠᠷ ᠪᠣᠯᠭᠤᠮᠵᠢᠲᠠᠶ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃   ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠵᠣᠬᠢᠶᠠᠨ ᠪᠠᠶᠢᠭᠤᠯᠵᠤ᠂ ᠨᠠᠷᠢᠯᠢᠭ  ᠣᠨᠣᠪᠴᠢᠲᠠᠢ  ᠲᠥᠯᠥᠪᠯᠡᠨ ᠲᠣᠬᠢᠷᠠᠭᠤᠯᠵᠤ᠂ ᠲᠠᠷᠢᠯᠭ᠎ᠠ ᠶᠢᠨ ᠬᠠᠷᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠨᠠᠮ ᠤᠨ ᠲᠥᠪ  ᠬᠤᠷᠢᠶ᠎ᠠ   ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠤᠨ ᠪᠠᠭᠤᠯᠭᠠᠭᠰᠠᠨ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ ᠭᠡᠵᠡᠢ  ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号