ᠨᠠᠨᠮᠦ ᠣᠷᠴᠣᠨ ᠤ ᠦᠨᠳᠦᠰᠦᠲᠡᠨ ᠤ ᠰᠢᠶᠠᠩ ᠤᠨ ᠲᠠᠷᠢᠮᠠᠯ ᠤᠨ ᠬᠠᠤᠯᠢ ᠶᠣᠰᠣᠨ ᠤ ᠠᠰᠢᠭ ᠲᠤᠰᠠ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠠᠨᠮᠦ ᠣᠷᠴᠣᠨ ᠤ ᠦᠨᠳᠦᠰᠦᠲᠡᠨ ᠤ ᠰᠢᠶᠠᠩ ᠤᠨ ᠬᠢᠨ | ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠡᠯ᠎ᠡ ᠲᠣᠰᠬᠤᠨ ᠤ ᠣᠷᠣᠨ ᠰᠠᠭᠤᠴᠠ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠬᠤ | ᠲᠠᠷᠢᠶᠠᠴᠢᠨ ᠳᠤ ᠨᠥᠬᠦᠪᠥᠷᠢ ᠥᠭᠬᠦ ᠬᠤᠷᠠᠯ ᠬᠤᠷᠠᠯᠳᠤᠭᠤᠯᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠪᠦᠬᠦ ᠰᠢᠶᠠᠩ ᠤᠨ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠢ ᠲᠦᠷᠭᠡᠨ ᠠᠬᠢᠭᠤᠯᠵᠤ᠂ ᠡᠯ᠎ᠡ ᠵᠦᠢᠯ ᠤᠨ ᠠᠵᠢᠯ ᠢ ᠴᠢᠨᠠᠷ | ᠰᠠᠶᠢᠲᠠᠢ ᠲᠤᠭ᠎ᠠ ᠬᠡᠮᠵᠢᠶ᠎ᠡ ᠶᠣᠰᠣᠭᠠᠷ ᠪᠡᠶᠡᠯᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢ | ᠵᠠᠬ᠎ᠠ ᠳᠡᠯᠭᠡᠭᠦᠷ ᠲᠤ ᠭᠠᠷᠭᠠᠬᠤ ᠠᠴᠠ ᠡᠮᠦᠨ᠎ᠡ ᠨᠥᠬᠦᠪᠥᠷᠢ ᠪᠡᠯᠡ ᠮᠥᠩᠭᠦ ᠣᠯᠭᠤᠬᠤ ᠠᠵᠢᠯ ᠢ ᠪᠡᠶᠡᠯᠡᠭᠦᠯᠵᠦ᠂ | ᠲᠠᠷᠢᠶᠠᠴᠢᠳ ᠤᠨ ᠠᠮᠤ ᠪᠤᠳᠠᠭ᠎ᠠ ᠲᠠᠷᠢᠵᠦ ᠠᠰᠢᠭ ᠣᠯᠵᠠᠪᠤᠷᠢ ᠣᠯᠬᠤ ᠶᠢ ᠪᠠᠲᠤᠯᠠᠨ᠎ᠠ᠃ | | ᠦᠢᠯᠡᠳᠪᠦᠷᠢᠯᠡᠭᠴᠢᠳ ᠤᠨ ᠨᠥᠬᠦᠪᠥᠷᠢ ᠶᠢ ᠲᠥᠪᠯᠡᠷᠡᠭᠦᠯᠦᠨ ᠭᠦᠢᠴᠡᠳᠬᠡᠬᠦ ᠠᠵᠢᠯ ᠢ ᠥᠷᠨᠢᠭᠦᠯᠦᠭᠰᠡᠨ ᠨᠢ | ᠨᠠᠮ ᠪᠠ ᠤᠯᠤᠰ ᠠᠴᠠ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ | ᠲᠠᠷᠢᠶᠠᠴᠢᠨ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ ᠲᠤᠰ | ᠤᠳᠠᠭᠠᠨ ᠤ ᠨᠥᠬᠦᠪᠥᠷᠢ ᠶᠢᠨ ᠠᠵᠢᠯ ᠢ ᠢᠯᠡ ᠲᠣᠳᠣ᠂ ᠠᠮᠤᠷ ᠲᠦᠪᠰᠢᠨ ᠤ ᠵᠢᠷᠤᠮᠵᠢᠯ ᠲᠠᠢ ᠬᠢᠵᠦ᠂ ᠨᠥᠬᠦᠪᠥᠷᠢ ᠶᠢ | ᠪᠡᠶᠡᠯᠡᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠪᠣᠳᠠᠲᠠᠶ ᠪᠥᠭᠡᠳ ᠨᠠᠷᠢᠯᠢᠭ | ᠬᠢᠵᠦ᠂ ᠲᠠᠷᠢᠶᠠᠨ ᠭᠠᠵᠠᠷ ᠢ ᠡᠷᠦᠬᠡ ᠳᠤ ᠬᠦᠷᠲᠡᠯ᠎ᠡ ᠵᠠᠳᠠᠯᠤᠨ ᠨᠠᠷᠢᠯᠢᠬᠵᠢᠭᠤᠯᠵᠤ᠂ ᠲᠠᠯᠠᠪᠠᠶ ᠶᠢ ᠢᠯᠡ ᠨᠡᠶᠢᠲᠡᠯᠡᠬᠦ᠂ | ᠨᠥᠬᠦᠪᠥᠷᠢ ᠶᠢ ᠢᠯᠡ ᠨᠡᠶᠢᠲᠡᠯᠡᠬᠦ ᠪᠠ ᠲᠠᠩᠰᠠ ᠡᠪᠬᠡᠮᠡᠯ ᠢ ᠬᠠᠮᠢᠶᠠᠷᠬᠤ ᠵᠡᠷᠭᠡ ᠲᠦᠷᠢᠮ ᠢ ᠬᠡᠷᠡᠭᠵᠢᠭᠦᠯᠦᠨ᠂ ᠪᠣᠲᠠᠲᠣ | ᠦᠢᠯᠡᠳᠪᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ | ᠮᠥᠩᠭᠦ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | |