ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠶ ᠦᠢᠯᠡᠳᠪᠦᠷᠢᠯᠡᠯ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2021/7/27
      7 ᠰᠠᠷ᠎ᠠ ᠶᠢᠨ 26      ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠥᠬᠦ ᠺᠠᠳ᠋ᠷ ᠠᠵᠢᠯᠲᠠᠨ ᠤ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠣᠪᠴᠢᠶᠠᠨ ᠳᠠᠷᠤᠭ᠎ᠠ  ᠹᠧᠩ ᠵᠢᠶᠠᠨ ᠰᠢᠶᠦ᠋ᠨ ᠡᠩ ᠲᠡᠷᠢᠭᠦᠨ ᠳᠤ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠳᠠᠷᠠᠭ᠎ᠠ ᠪᠠᠷ ᠨᠢ ᠠᠵᠤ  ᠦᠢᠯᠡᠳᠪᠦᠷᠢ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠄ ᠨᠢᠭᠡ ᠳᠤ᠂ ᠠᠵᠤ ᠠᠬᠤᠶᠢᠯᠠᠯ ᠳᠤ ᠰᠠᠭᠤᠭ᠎ᠠ ᠡᠯ᠎ᠡ ᠠᠵᠢᠯ ᠤᠨ ᠳᠤᠭᠤᠶᠢᠯᠠᠩ ᠨᠢ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠴᠤ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠣᠨᠴᠠᠭᠠᠶᠢᠯᠠᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠵᠤᠭᠠᠴᠠᠨ ᠰᠠᠭᠤᠭᠰᠠᠨ  ᠲᠡᠮᠳᠡᠭᠯᠡᠯ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠵᠠᠶ᠃ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂  ᠭᠤᠷᠢᠳᠠᠬᠤ ᠪᠣᠳᠣᠯ᠂ ᠮᠢᠨᠴᠦᠭᠦᠷᠡᠬᠦ ᠪᠣᠳᠣᠯ᠂ ᠳᠠᠶᠢᠨ ᠠᠴᠠ ᠬᠠᠯᠠᠰᠢᠷᠠᠬᠤ ᠰᠡᠳᠬᠢᠯᠭᠡ ᠶᠢ ᠲᠡᠪᠴᠢᠵᠦ᠂ ᠴᠢᠩᠭ᠎ᠠ ᠰᠡᠷᠭᠡᠶᠢᠯᠡᠨ  ᠴᠢᠩᠭ᠎ᠠ ᠰᠠᠬᠢᠬᠤ ᠬᠡᠷᠡᠭᠲᠡᠶ᠃   ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠯ᠎ᠠ ᠪᠠᠷ᠄ ᠨᠢᠭᠡ ᠳᠤ ᠲᠣᠭᠲᠠᠭᠠᠭᠰᠠᠨ ᠠᠵᠤ ᠠᠬᠤᠶᠢᠯᠠᠯ᠂ ᠴᠠᠬᠢᠯᠭᠠᠨ ᠬᠦᠴᠦᠨ ᠵᠢᠴᠢ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠠᠵᠢᠯᠯᠠᠭᠠᠨ ᠤ ᠪᠡᠯᠡᠳᠬᠡᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂  ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠪᠠ ᠴᠠᠬᠢᠯᠭᠠᠨ ᠬᠦᠴᠦᠨ ᠵᠢᠴᠢ ᠴᠢᠮᠡᠭᠡ ᠬᠤᠯᠪᠣᠭ᠎ᠠ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ ᠠᠵᠢᠯ ᠢ ᠰᠠᠶᠢᠲᠤᠷ ᠬᠢᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠲᠣᠮᠣ ᠬᠡᠯᠪᠡᠷᠢ ᠶᠢᠨ  ᠭᠦᠢᠯᠭᠡᠭᠡᠨ ᠤ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠵᠤ᠂ ᠡᠳ᠋ ᠪᠠᠷᠠᠭ᠎ᠠ ᠶᠢᠨ ᠨᠥᠭᠡᠴᠡᠯᠡᠯᠲᠡ ᠶᠢᠨ ᠪᠠᠶᠢᠳᠠᠯ ᠢ ᠤᠶᠢᠯᠠᠭᠠᠨ᠂ ᠰᠢᠯᠵᠢᠭᠦᠯᠦᠨ ᠲᠡᠭᠡᠭᠡᠪᠦᠷᠢᠯᠡᠵᠦ ᠪᠣᠯᠬᠤ ᠭᠤᠤᠯ ᠪᠣᠯᠬᠤ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠬᠡᠷᠡᠭᠲᠡᠶ᠃ ᠭᠤᠷᠪᠠ ᠳᠤ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠦᠶᠡᠷ ᠤᠨ ᠬᠤᠭᠤᠴᠠᠭᠠᠨ ᠳᠤ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠡᠭᠡᠯᠵᠢ ᠳᠠᠭᠠᠭᠤᠯᠤᠨ ᠵᠢᠵᠢᠭᠦᠷᠯᠡᠬᠦ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠳᠡᠯ ᠪᠤᠶᠤ ᠪᠠᠴᠢᠮ ᠪᠠᠶᠢᠳᠠᠯ ᠭᠠᠷᠤᠮᠠᠭᠴᠠ ᠪᠠᠴᠢᠮ ᠪᠠᠶᠢᠳᠠᠯ ᠢ ᠠᠷᠭᠠᠴᠠᠬᠤ ᠠᠵᠢᠯ ᠢ ᠳᠠᠷᠦ᠋ᠢᠬᠠᠨ ᠡᠬᠢᠯᠡᠭᠦᠯᠵᠦ᠂ ᠭᠠᠮᠰᠢᠭ ᠠᠴᠠ ᠪᠣᠯᠤᠭᠰᠠᠨ ᠨᠥᠯᠥᠭᠡ ᠶᠢ ᠴᠢᠳᠠᠬᠤ ᠶᠢᠨ ᠳᠣᠲᠣᠷ᠎ᠠ  ᠪᠠᠭᠤᠷᠠᠭᠤᠯᠬᠤ ᠬᠡᠷᠡᠭᠲᠡᠶ᠃      ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ᠄ ᠨᠢᠭᠡ ᠳᠤ᠂ ︽ᠪᠦᠬᠦᠨ ᠢ ᠪᠦᠷᠬᠦᠬᠦᠯᠬᠦ︾ ᠱᠠᠭᠠᠷᠳᠠᠯᠭ᠎ᠠ ᠶᠣᠰᠣᠭᠠᠷ ᠠᠵᠤ ᠦᠢᠯᠡᠳᠪᠦᠷᠢ ᠬᠤᠳᠠᠯᠳᠤᠭ᠎ᠠ ᠠᠷᠠᠯᠵᠢᠶᠠᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠤᠨ ᠠᠶᠤᠯ ᠲᠦᠭᠰᠢᠭᠦᠷᠢ ᠶᠢ ᠳᠠᠷᠠᠭᠠᠯᠠᠨ ᠪᠠᠶᠢᠴᠠᠭᠠᠵᠤ᠂ ᠪᠠᠯᠠᠢ ᠭᠠᠵᠠᠷ ᠢ ᠲᠦᠢᠯᠪᠤᠷᠢᠲᠠᠢ ᠠᠷᠢᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠦᠨ᠎ᠡ᠃ ᠬᠤᠶᠠᠷ ᠲᠤ ᠣᠯᠵᠤ ᠮᠡᠳᠡᠭᠰᠡᠨ ᠳᠠᠯᠳᠠ ᠭᠡᠮ ᠢ ᠡᠷᠬᠡᠪᠰᠢ ᠳᠠᠷᠤᠢ ᠳᠤᠨᠢ ᠴᠡᠭᠴᠡᠯᠡᠨ ᠵᠠᠰᠠᠵᠤ᠂ ᠠᠳᠡᠯ ᠤᠨ ᠳᠠᠯᠳᠠ ᠭᠡᠮ ᠢ  ᠠᠷᠢᠯᠭᠠᠵᠤ᠂ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠵᠤ᠂ ᠨᠢᠭᠡ ᠶᠢ ᠨᠢ ᠬᠠᠰᠤᠬᠤ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号