ᠵᠠᠯᠠᠨ ᠠᠶᠢᠯ ᠬᠤᠲᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/7/27
   7 ᠰᠠᠷ᠎ᠠ ᠶᠢᠨ 26      ᠤ ᠡᠳᠦᠷ᠂ ᠵᠠᠯᠠᠨ ᠠᠶᠢᠯ ᠬᠤᠲᠠ ᠪᠦᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠪᠣᠯᠤᠨ ᠬᠥᠯᠥᠨ ᠪᠤᠶᠢᠷ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠨ᠎ᠠ᠃    ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠪᠦᠬᠦ ᠬᠤᠲᠠ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠸᠠᠩ ᠪᠥᠸᠧ ᠬᠤᠷᠠᠯ ᠡᠷᠭᠢᠯᠡᠵᠡᠶ᠃      ᠵᠢᠶᠤᠤ ᠭᠠᠩ ᠸᠧᠶ ᠱᠠᠭᠠᠷᠳᠠᠭᠰᠠᠨ ᠨᠢ᠂ ᠪᠦᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠶ ᠪᠠᠷ ᠲᠤᠤᠱᠯᠠᠭᠤᠯᠵᠤ᠂ ᠤᠳᠤ ᠶᠠᠭ ︽ᠲᠤᠯᠤᠭ᠎ᠠ ᠤᠳᠠᠭ᠎ᠠ ᠳᠣᠷᠣᠭᠰᠢ ᠪᠠᠭᠤᠵᠤ  ᠨᠠᠶᠢᠮᠠ ᠤᠳᠠᠭ᠎ᠠ ᠳᠡᠭᠡᠭᠰᠢ ᠭᠠᠷᠬᠤ︾ ᠦᠶᠡᠷ ᠤᠨ ᠭᠤᠣᠯ ᠬᠤᠭᠤᠴᠠᠭ᠎ᠠ ᠪᠠ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠬᠤ ᠶᠢ ᠭᠦᠨᠵᠡᠭᠡᠶ ᠲᠠᠨᠢᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠦᠨᠵᠡᠭᠡᠶ ᠰᠤᠷᠭᠠᠮᠵᠢ ᠠᠪᠴᠤ᠂ ᠠᠯᠳᠠᠰᠢ ᠭᠠᠷᠬᠤ ᠶᠢ ᠴᠠᠭ ᠲᠤᠬᠠᠶ ᠳᠤᠨᠢ ᠬᠤᠷᠢᠭᠯᠠᠵᠤ᠂ ᠡᠯ᠎ᠡ ᠵᠦᠢᠯ ᠤᠨ ᠲᠠᠯᠳᠠ ᠭᠡᠮ ᠢ ᠡᠷᠡᠰ ᠤᠰᠠᠳᠬᠠᠵᠤ᠂ ᠪᠦᠬᠦ ᠬᠤᠳᠠ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃     ᠵᠢᠶᠤᠤ ᠭᠠᠩ ᠸᠧᠶ ᠱᠠᠭᠠᠷᠳᠠᠭᠰᠠᠨ ᠨᠢ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠣᠯᠤᠨ  ᠭᠤᠷᠢᠳᠠᠬᠤ ᠰᠡᠳᠬᠢᠴᠡ ᠶᠢ ᠡᠷᠡᠰ ᠲᠡᠪᠴᠢᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠥᠳᠡᠯᠵᠦ᠂ ᠡᠷᠲᠡ ᠠᠴᠠ ᠨᠠᠶᠢᠳᠠᠪᠤᠷᠢᠵᠢᠭᠤᠯᠵᠤ᠂ ᠪᠦᠬᠦ ᠬᠥᠮᠦᠰ ᠠᠵᠢᠯ ᠤᠨ ᠪᠠᠶᠢᠷᠢ ᠳᠤ ᠭᠠᠷᠴᠤ᠂ ᠪᠠᠬᠢᠯᠡᠯᠲᠡ ᠪᠠᠨ ᠴᠢᠩᠭ᠎ᠠ ᠰᠠᠬᠢᠵᠤ᠂ ᠴᠢᠩᠭ᠎ᠠ ᠰᠡᠷᠭᠡᠶᠢᠯᠡᠨ  ᠴᠢᠩᠭ᠎ᠠ ᠰᠠᠬᠢᠵᠤ᠂ ᠡᠯ᠎ᠡ ᠲᠦᠷᠦᠯ ᠤᠨ ᠤᠰᠤᠨ ᠴᠥᠭᠦᠷᠥᠮ᠂ ᠬᠠᠰᠢᠯᠭ᠎ᠠ  ᠂ ᠭᠤᠣᠯ ᠤᠨ ᠭᠤᠯᠳᠤᠷᠢᠯ ᠭᠤᠣᠯ ᠤᠨ ᠵᠠᠮ᠂ ᠭᠤᠣᠯᠳᠠᠯᠭ᠎ᠠ ᠲᠠᠢ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠤᠨ ᠲᠤᠬᠠᠢ ᠶᠢᠨ ᠲᠠᠯᠠᠪᠠᠢ᠂ ᠦᠵᠡᠮᠵᠢ ᠶᠢᠨ ᠣᠷᠣᠨ᠂ ᠰᠤᠷᠭᠠᠭᠤᠯᠢ ᠡᠮᠨᠡᠯᠭᠡ ᠶᠢᠨ  ᠬᠤᠷᠢᠶ᠎ᠠ᠂ ᠤᠰᠤ ᠬᠠᠩᠭᠠᠬᠤ ᠤᠰᠤ ᠵᠠᠯᠠᠬᠤ᠂ ᠴᠢᠮᠡᠭᠡ ᠬᠤᠯᠪᠣᠭ᠎ᠠ ᠴᠠᠬᠢᠯᠭᠠᠨ ᠬᠦᠴᠦ᠂ ᠵᠠᠮ ᠬᠠᠷᠢᠯᠴᠠᠭ᠎ᠠ᠂ ᠠᠭᠤᠯᠠᠨ ᠦᠶᠡᠷ ᠠᠮᠠᠷᠬᠠᠨ ᠡᠭᠦᠰᠬᠦ ᠤᠯᠠᠨ ᠡᠭᠦᠰᠬᠦ ᠵᠡᠷᠭᠡ ᠭᠠᠵᠠᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠭᠡᠮ ᠰᠣᠭᠤᠭ ᠢ ᠲᠦᠢᠯᠪᠤᠷᠢᠲᠠᠢ ᠴᠡᠭᠴᠡᠯᠡᠨ ᠵᠠᠰᠠᠵᠤ᠂ ᠤᠰᠤᠨ ᠴᠥᠭᠦᠷᠥᠮ ᠤᠨ ᠠᠮᠤᠷ ᠲᠦᠪᠰᠢᠨ ᠢ ᠪᠠᠲᠤᠯᠠᠵᠤ᠂ ᠭᠠᠵᠠᠷ ᠤᠨ ᠭᠠᠢ ᠭᠠᠮᠰᠢᠭ ᠢ ᠴᠢᠩᠭ᠎ᠠ  ᠰᠡᠷᠭᠡᠶᠢᠯᠡᠵᠦ᠂ ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ ᠠᠵᠢᠯ ᠢ ᠰᠠᠶᠢᠲᠤᠷ ᠬᠢᠵᠦ᠂ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠳ᠋ ᠪᠣᠳᠠᠰ ᠤᠨ ᠨᠥᠭᠡᠴᠡᠯᠡᠯᠲᠡ ᠶᠢ ᠭᠦᠢᠴᠡᠳ ᠰᠠᠶᠢᠨ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠦᠨᠡᠨ ᠠᠴᠠ ᠵᠥᠪ ᠢ ᠡᠷᠢᠵᠦ ᠭᠠᠮᠰᠢᠭ ᠢ ᠬᠠᠷᠭᠤᠭᠤᠯᠤᠨ ᠭᠠᠮᠰᠢᠭ ᠢ ᠮᠡᠳᠡᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨ ᠪᠣᠳᠠᠲᠠᠶ᠂ ᠨᠠᠷᠢᠨ ᠨᠢᠮᠪᠠᠶ᠂ ᠴᠢᠩᠭ᠎ᠠ ᠪᠥᠭᠡᠳ ᠴᠢᠩᠭ᠎ᠠ ᠠᠳᠬᠤᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃      ᠵᠢᠶᠤᠤ ᠭᠠᠩ ᠸᠧᠶ ᠴᠢᠬᠤᠯᠠᠴᠢᠯᠠᠭᠰᠠᠨ ᠨᠢ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠣᠨᠴᠠᠭᠠᠶ ᠬᠦᠨᠳᠦ ᠨᠣᠴᠢᠲᠠᠶ ᠪᠠᠶᠢᠵᠤ᠂ ᠡᠯ᠎ᠡ ᠵᠦᠶ᠋ᠯ ᠤᠨ ᠭᠤᠤᠯᠳᠠᠯᠭ᠎ᠠ ᠲᠠᠢ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠂ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠵᠠᠩᠭᠢᠯᠠᠭ᠎ᠠ ᠶᠢ ᠠᠳᠬᠤᠵᠤ᠂ ᠭᠤᠤᠯᠳᠠᠯᠭ᠎ᠠ ᠶᠢ ᠳᠣᠪᠤᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠶ  ᠦᠢᠯᠡᠳᠪᠦᠷᠢᠯᠡᠯ᠂ ᠠᠵᠤ ᠠᠬᠤᠶ ᠶᠢᠨ ᠠᠵᠢᠯᠯᠠᠭᠠᠨ ᠪᠠ ᠬᠤᠭᠤᠴᠠᠭ᠎ᠠ ᠰᠣᠯᠢᠬᠤ ᠵᠡᠷᠭᠡ ᠡᠯ᠎ᠡ  ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠵᠢᠯ ᠤᠨ ᠡᠬᠢᠨ ᠳᠤ ᠲᠣᠭᠲᠠᠭᠠᠭᠰᠠᠨ ᠵᠢᠱᠢᠭᠰᠡᠨ ᠬᠠᠷᠠᠯᠲᠠ ᠶᠢ ᠡᠷᠡᠰ ᠪᠡᠶᠡᠯᠡᠭᠦᠯᠬᠦ ᠬᠡᠷᠡᠭᠲᠡᠶ᠃        ᠵᠢᠶᠤᠤ ᠭᠠᠩ ᠸᠧᠶ ᠴᠢᠬᠤᠯᠠᠴᠢᠯᠠᠬᠤ ᠳᠠᠭᠠᠨ᠂ ᠵᠠᠩᠭᠢᠯᠠᠭ᠎ᠠ ᠶᠢᠨ ᠴᠠᠭ ᠪᠣᠯᠬᠤ ᠲᠤᠲᠤᠮ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠤᠲᠤᠮ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ  ᠣᠬᠠᠬᠤ  ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠪᠡᠶ᠎ᠡ ᠪᠠᠷ ᠢᠶᠠᠨ ᠬᠡᠪ ᠳᠦᠷᠢᠮ ᠪᠤᠯᠵᠤ᠂ ᠭᠠᠪᠰᠢᠭᠠᠶᠢᠯᠠᠨ ᠤᠷᠤᠭᠰᠢᠯᠠᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠠᠷᠠᠳ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠡᠶ᠎ᠡ ᠪᠠᠷ ᠢᠶᠠᠨ ᠦᠯᠢᠭᠡᠷ ᠳᠠᠭᠤᠷᠢᠶᠠᠯ  ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠵᠢᠯ ᠦᠢᠯᠡᠰ ᠢᠶᠠᠨ ᠪᠦᠲᠦᠭᠡᠵᠦ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠬᠥᠭᠵᠢᠯᠲᠡ ᠶᠢ ᠡᠷᠢᠯᠬᠢᠯᠡᠵᠦ᠂ ᠨᠠᠮ ᠪᠠ ᠠᠷᠠᠳ ᠲᠦᠮᠡᠨ ᠳᠤ ᠣᠰᠣᠯᠳᠠᠬᠤ ᠦᠭᠡᠢ᠂ ᠲᠡᠦᠬᠡ ᠪᠠ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠨᠠᠮ ᠤᠨ ᠲᠤᠭ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠥᠨᠳᠥᠷ ᠮᠠᠨᠳᠤᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号