ᠹᠠᠨ ᠷᠥᠩ ᠵᠡᠭᠡᠯᠢ ᠭᠤᠳᠤᠮᠵᠢ ︽ᠤᠬ ᠰᠠᠨᠠᠭ᠎ᠠ ᠪᠠᠨ ᠴᠡᠭᠡᠵᠢᠯᠡᠵᠦ ᠬᠤᠪᠢᠰᠬᠠᠯ ᠤᠨ ᠰᠠᠭᠤᠭᠳᠠᠯ︾ ᠭᠡᠬᠦ ᠰᠢᠯᠦᠭ ᠵᠣᠬᠢᠶᠠᠯ ᠤᠨ  ᠣᠷᠠᠨ ᠣᠩᠰᠢᠯᠭ᠎ᠠ  ᠦᠷᠨᠢᠭᠦᠯᠵᠡᠢ
ᠨᠡᠶᠢᠲᠡᠯᠡᠭᠰᠡᠨ ᠴᠠᠭ᠄
2021/7/28
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠠᠭᠤᠤ ᠶᠡᠭᠡ ᠬᠤᠪᠢᠰᠬᠠᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠵᠠᠯᠠᠭᠤ ᠨᠠᠮ ᠤᠨ ᠭᠡᠰᠢᠭᠦᠨ ᠤ ᠴᠢᠷᠮᠠᠶᠢᠨ ᠰᠤᠷᠤᠯᠴᠠᠬᠤ᠂ ᠯᠠᠪᠳᠠᠭᠤᠨ ᠪᠠᠲᠤᠲᠠᠢ ᠠᠵᠢᠯᠯᠠᠬᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠶᠢ ᠵᠣᠷᠢᠭᠵᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂  ᠹᠠᠨ ᠷᠥᠩ ᠵᠡᠭᠡᠯᠢ ᠭᠤᠳᠤᠮᠵᠢ ᠶᠢᠨ ᠱᠧᠩ ᠯᠢ ᠨᠡᠶᠢᠭᠡᠮ ᠲᠣᠭᠤᠷᠢᠭ ᠤᠨ ᠨᠠᠮ  ᠠᠷᠠᠳ  ᠤᠨ ᠦᠢᠯᠡᠴᠢᠯᠡᠭᠡᠨ ᠤ ᠲᠥᠪ  ᠵᠠᠯᠠᠭᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠤᠬ ᠰᠠᠨᠠᠭ᠎ᠠ ᠪᠠᠨ ᠴᠡᠭᠡᠵᠢᠯᠡᠵᠦ᠂ ᠬᠤᠪᠢᠰᠬᠠᠯ ᠤᠨ ᠰᠠᠭᠤᠭᠳᠠᠯ︾ ᠭᠡᠬᠦ ᠰᠢᠯᠦᠭ ᠵᠣᠬᠢᠶᠠᠯ ᠤᠨ ᠤᠷᠠᠨ ᠤᠩᠰᠢᠯᠭ᠎ᠠ  ᠥᠷᠨᠢᠭᠦᠯᠪᠡ᠃      ᠰᠢᠯᠦᠭ ᠵᠣᠬᠢᠶᠠᠯ ᠤᠨ ᠤᠷᠠᠨ ᠤᠩᠰᠢᠯᠭ᠎ᠠ  ᠨᠢ ᠵᠠᠯᠠᠭᠤ ᠨᠠᠮ ᠤᠨ ᠭᠡᠰᠢᠭᠦᠨ ᠤ ︽ᠪᠢᠳᠡ ᠮᠠᠷᠲᠠᠬᠤ ᠦᠭᠡᠢ︾  ᠭᠡᠬᠦ ᠳᠤᠮᠳᠠ ᠬᠥᠰᠢᠭᠡ ᠪᠠᠨ ᠰᠡᠬᠦᠵᠦ᠂ ᠵᠠᠯᠠᠭᠤ ᠨᠠᠮ ᠤᠨ ᠭᠡᠰᠢᠭᠦᠳ  ᠣᠷᠮ᠎ᠠ ᠰᠡᠳᠬᠢᠯᠭᠡ ᠬᠤᠣᠰᠯᠠᠭᠰᠠᠨ ᠤᠷᠠᠨ ᠤᠩᠰᠢᠯᠭ᠎ᠠ ᠪᠠᠷ ᠢᠶᠠᠨ ᠨᠠᠮ ᠤᠨ ᠵᠠᠭᠤᠨ ᠵᠢᠯ ᠤᠨ ᠭᠡᠷᠡᠯ ᠭᠢᠯᠪᠠᠭ᠎ᠠ ᠶᠢ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ  ᠢᠶᠠᠨ ᠨᠢᠭᠲᠠᠷᠠᠭᠤᠯᠵᠠᠢ᠃ ᠳᠠᠷᠠᠭ᠎ᠠ ᠳᠤᠨᠢ᠂ ᠤᠩᠰᠢᠭᠴᠢᠳ ︽ᠥᠨᠢ ᠡᠭᠦᠷᠢᠳᠡ ᠨᠠᠮ ᠢᠶᠠᠨ ᠳᠠᠭᠠᠨ᠎ᠠ︾᠂ ︽ᠳᠤᠮᠳᠠᠳᠤ ᠤᠯᠤᠰ ᠤᠨ ᠬᠦᠴᠦᠨ︾᠂ ︽ᠪᠠᠳᠠᠷᠠᠩᠭᠤᠢ ᠴᠠᠭ ᠦᠶ᠎ᠡ ᠶᠢᠨ ᠳᠤᠮᠳᠠᠳᠤ ᠤᠯᠤᠰ︾ ᠵᠡᠷᠭᠡ ᠰᠣᠩᠭᠤᠳᠠᠭ ᠰᠢᠯᠦᠭ ᠢ ᠤᠯᠠᠨ ᠳᠤ  ᠣᠩᠰᠢᠵᠣ᠂ ᠤᠷᠮ᠎ᠠ ᠵᠣᠷᠢᠭ ᠢ ᠨᠢ ᠬᠥᠭᠵᠢᠭᠡᠵᠦ᠂ ᠭᠦᠨ ᠵᠤᠵᠠᠭᠠᠨ ᠣᠪᠣᠷ ᠰᠡᠳᠬᠢᠯᠭᠡ ᠪᠠᠷ᠂ ᠨᠠᠮ ᠤᠨ ᠭᠡᠰᠢᠭᠦᠳ ᠴᠢᠩ ᠦᠨᠡᠨᠴᠢ ᠬᠠᠶᠢᠷ᠎ᠠ ᠰᠡᠳᠬᠢᠯᠭᠡ  ᠡᠪᠦᠷᠯᠡᠵᠦ᠂ ᠨᠠᠮ᠂ ᠡᠬᠡ ᠤᠯᠤᠰ ᠢᠶᠠᠨ ᠬᠠᠶᠢᠷᠠᠯᠠᠵᠤ᠂ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠢᠷᠡᠭᠡᠳᠦᠢ ᠶᠢᠨ ᠲᠤᠬᠠᠢ  ᠬᠦᠰᠡᠯ ᠡᠷᠡᠮᠡᠯᠵᠡᠯ ᠢᠶᠠᠨ ᠢᠯᠡᠳᠬᠡᠵᠡᠢ᠃    ᠲᠤᠰ ᠤᠳᠠᠭ᠎ᠠ ᠶᠢᠨ ᠠᠵᠢᠯᠯᠠᠭ᠎ᠠ ᠪᠠᠷ ᠲᠠᠮᠵᠢᠨ᠂ ᠥᠷᠭᠡᠨ ᠤᠯᠠᠨ ᠵᠠᠯᠠᠭᠤᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠥᠷᠭᠡᠨ ᠤᠯᠠᠨ ᠵᠠᠯᠠᠭᠤ ᠨᠠᠮ ᠤᠨ ᠭᠡᠰᠢᠭᠦᠨ ᠤ ᠰᠢᠨ᠎ᠡ ᠪᠠᠷ ᠤᠷᠤᠭᠰᠢᠯᠠᠬᠤ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠰᠠᠶᠢᠲᠤᠷ ᠵᠠᠮᠨᠠᠬᠤ ᠵᠣᠷᠢᠭ ᠢ ᠤᠷᠮᠠᠰᠢᠭᠤᠯᠤᠨ ᠵᠣᠷᠢᠭᠵᠢᠭᠤᠯᠵᠠᠢ᠃ ᠳᠠᠷᠠᠭᠠᠴᠢ ᠶᠢᠨ ᠠᠯᠬᠤᠮ ᠳᠤ᠂  ᠹᠠᠨ  ᠷᠥᠩ ᠵᠡᠭᠡᠯᠢ ᠭᠤᠳᠤᠮᠵᠢ ᠶᠢᠨ ᠱᠧᠩ ᠯᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠪᠠᠶᠠᠯᠢᠭ ᠰᠠᠶᠢᠬᠠᠨ ᠤᠷᠠᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠢ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠣᠯᠤᠨ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号