ᠲᠢᠶᠧ ᠳ᠋ᠦᠩ ᠵᠡᠭᠡᠯᠢ ᠭᠤᠳᠤᠮᠵᠢ ᠶᠢᠨ ᠦ᠋ ᠯᠢ ᠨᠡᠶᠢᠭᠡᠮ ᠲᠣᠭᠤᠷᠢᠭ ︽ᠭᠡᠷ ᠣᠷᠣᠨ ᠢᠶᠠᠨ ᠴᠡᠪᠡᠷᠯᠡᠵᠦ᠂ ᠰᠠᠶᠢᠨ ᠳᠤᠷ᠎ᠠ ᠠᠴᠠ ᠪᠠᠨ ᠡᠪᠡᠰᠦ ᠠᠷᠢᠯᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/28
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠠᠭᠤᠭᠠᠯᠢ ᠠᠷᠠᠳ ᠤᠯᠠᠨ ᠲᠦᠮᠡᠨ ᠳᠤ ᠨᠡᠩ ᠰᠠᠶᠢᠨ ᠰᠠᠶᠢᠬᠠᠨ ᠣᠷᠣᠨ ᠰᠠᠭᠤᠴᠠ ᠶᠢᠨ  ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 7 ᠰᠠᠷ᠎ᠠ ᠶᠢᠨ 26      ᠤ ᠡᠳᠦᠷ᠂ ᠲᠢᠶᠧ ᠳ᠋ᠦᠩ ᠵᠡᠭᠡᠯᠢ ᠭᠤᠳᠤᠮᠵᠢ ᠶᠢᠨ ᠦ᠋ ᠯᠢ ᠨᠡᠶᠢᠭᠡᠮ ᠲᠣᠭᠤᠷᠢᠭ ︽ᠭᠡᠷ ᠣᠷᠣᠨ ᠢᠶᠠᠨ ᠴᠡᠪᠡᠷᠯᠡᠵᠦ᠂ ᠰᠠᠶᠢᠨ ᠳᠤᠷ᠎ᠠ ᠠᠴᠠ ᠪᠠᠨ ᠡᠪᠡᠰᠦ ᠠᠷᠢᠯᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠢ ᠳᠠᠭᠠᠭᠤᠯᠤᠨ ᠲᠥᠪ ᠴᠢᠩᠭ᠎ᠠ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ  ᠣᠩᠰᠢᠵᠣ᠂ ᠨᠠᠮ ᠤᠨ ᠡᠭᠦᠷ ᠤᠨ ᠳᠡᠳ᠋ ᠱᠦᠵᠢ ᠨᠠᠮ ᠤᠨ ᠳᠦᠷᠢᠮ ᠢ ᠳᠠᠭᠠᠭᠤᠯᠤᠨ ᠤᠩᠰᠢᠵᠤ᠂ ᠨᠠᠮ ᠤᠨ ᠰᠦᠢᠳᠬᠡᠯ ᠢ ᠲᠤᠰᠢᠶᠠᠬᠤ᠂ ᠲᠣᠭᠲᠠᠭᠰᠠᠨ ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶ᠎ᠠ ᠣᠷᠣᠨ ᠤ ᠪᠠᠨ ᠵᠠᠮ ᠤᠨ ᠬᠤᠶᠠᠷ ᠲᠠᠯ᠎ᠠ ᠳᠤ ︽ᠭᠡᠷ ᠣᠷᠣᠨ ᠢᠶᠠᠨ ᠴᠡᠪᠡᠷᠯᠡᠵᠦ᠂ ᠰᠠᠶᠢᠨ ᠳᠤᠷ᠎ᠠ ᠠᠴᠠ ᠪᠠᠨ ᠡᠪᠡᠰᠦ ᠠᠷᠢᠯᠭᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠬᠥᠳᠡᠯᠮᠦᠷᠢ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂   ᠰᠣᠯᠠ ᠡᠪᠡᠰᠦ ᠶᠢ ᠦᠭᠲᠡᠭᠡᠵᠦ᠂ ᠰᠠᠶᠢᠨ ᠳᠤᠷ᠎ᠠ ᠶᠢᠨ ᠠᠵᠢᠯᠯᠠᠭᠴᠢᠳ ᠤᠨ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠪᠠ᠃     ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠢᠯᠡᠷᠡᠭᠦᠯᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠢ ᠭᠤᠶᠣᠯᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠰᠠᠶᠢᠨ ᠶᠠᠪᠤᠳᠠᠯ ᠬᠢᠬᠦ᠂ ᠪᠣᠳᠠᠲᠠᠶ ᠶᠠᠪᠤᠳᠠᠯ ᠬᠢᠬᠦ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠢᠶᠧ ᠳ᠋ᠦᠩ ᠵᠡᠭᠡᠯᠢ ᠭᠤᠳᠤᠮᠵᠢ ᠶᠢᠨ ᠦ᠋ ᠯᠢ ᠨᠡᠶᠢᠭᠡᠮ ᠲᠣᠭᠤᠷᠢᠭ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠤᠬᠠᠮᠰᠠᠷ ᠠᠴᠠ ᠪᠠᠨ ᠣᠷᠴᠢᠨ ᠲᠣᠭᠤᠷᠢᠨ ᠢ ᠬᠠᠶᠢᠷᠠᠯᠠᠬᠤ ᠶᠢ ᠬᠦᠳᠦᠯᠦᠨ ᠵᠢᠯᠣᠭᠤᠳᠴᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠠᠷᠢᠭᠤᠨ ᠴᠡᠪᠡᠷ  ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号