ᠲᠠᠩᠰᠠ ᠡᠪᠬᠡᠮᠡᠯ ᠤᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠵᠢᠯ ᠤᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠩᠰᠠ ᠡᠪᠬᠡᠮᠡᠯ ᠢ | ᠭᠠᠷᠭᠠᠨ ᠠᠪᠬᠤ ᠣᠷᠢᠳᠴᠢᠯᠠᠨ ᠬᠢᠨᠠᠬᠤ ᠠᠵᠢᠯ ᠢ ᠶᠠᠪᠣᠭᠳᠠᠭᠤᠯᠪᠠ᠃ | | ᠨᠢᠭᠡ ᠳᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠣᠷᠢᠵᠢᠭᠤᠯᠣᠨ᠎ᠠ᠃ 3 | ᠰᠠᠷ᠎ᠠ ᠠᠴᠠ ᠡᠬᠢᠯᠡᠨ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠳᠠᠮᠫᠤᠷᠠᠭᠰᠠᠨ ᠠᠵᠤ ᠠᠬᠤᠶᠢᠯᠠᠯ ᠤᠨ ᠠᠵᠢᠯᠲᠠᠨ᠂ ᠠᠵᠢᠯ ᠠᠯᠳᠠᠭᠰᠠᠳ ᠤᠨ ᠲᠠᠩᠰᠠ ᠡᠪᠬᠡᠮᠡᠯ ᠢ | ᠤᠷᠢᠳᠴᠢᠯᠠᠨ ᠬᠢᠨᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠭᠠᠷ ᠭᠦᠢᠴᠡᠳᠭᠡᠯ ᠢ | ᠲᠦᠷᠭᠡᠳᠬᠡᠵᠦ᠂ ᠭᠠᠷᠭᠠᠨ ᠠᠪᠬᠤ ᠪᠠ ᠰᠢᠯᠵᠢᠭᠦᠯᠦᠨ ᠭᠠᠷᠭᠠᠬᠤ ᠠᠵᠢᠯ ᠢ ᠳᠥᠯᠭᠢᠨ ᠠᠬᠢᠭᠤᠯᠪᠠ᠃ ᠬᠤᠶᠠᠷ ᠲᠤ | ᠠᠵᠢᠯ ᠤᠨ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠲᠠᠩᠰᠠ ᠡᠪᠬᠡᠮᠡᠯ ᠢ ᠳᠠᠩᠰᠠᠯᠠᠬᠤ᠂ ᠴᠤᠭᠯᠠᠭᠤᠯᠬᠤ | ᠂ ᠡᠮᠬᠢᠳᠬᠡᠬᠦ᠂ ᠪᠦᠷᠢᠳᠬᠡᠬᠦ᠂ ᠬᠠᠳᠠᠭᠠᠯᠠᠨ ᠬᠠᠮᠢᠶᠠᠷᠬᠤ ᠵᠡᠷᠭᠡ ᠠᠵᠢᠯ ᠢ ᠤᠯᠠᠮ ᠨᠢᠭᠡ ᠠᠯᠬᠤᠮ | ᠨᠠᠷᠢᠯᠢᠬᠵᠢᠭᠤᠯᠬᠤ ᠪᠠᠷ ᠳᠡᠮᠵᠢᠨ᠂ ᠲᠠᠩᠰᠠ ᠡᠪᠬᠡᠮᠡᠯ ᠢ ᠴᠡᠪᠡᠷ ᠲᠡᠭᠰᠢ ᠡᠮᠬᠢ ᠵᠢᠷᠤᠮ ᠲᠠᠢ᠂ ᠲᠣᠪ ᠲᠣᠳᠣᠷᠬᠠᠶ | ᠪᠣᠯᠭᠠᠵᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠬᠤᠷᠳᠤᠴᠠ ᠶᠢ ᠲᠦᠷᠭᠡᠳᠭᠡᠪᠡ᠃ ᠭᠤᠷᠪᠠ ᠳᠤ | ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨᠢᠳᠡᠪᠬᠢᠲᠡᠶ ᠪᠠᠷᠲ᠋ᠡᠭᠡᠭᠰᠢᠯᠡᠭᠦᠯᠦᠨᠡ᠃ ᠲᠣᠭᠲᠠᠮᠠᠯ | ᠬᠤᠭᠤᠴᠠᠭ᠎ᠠ ᠲᠠᠢ ᠪᠠᠷ ᠠᠵᠢᠯᠲᠠᠳ ᠢ ᠵᠣᠬᠢᠶᠠᠨ ᠪᠠᠶᠢᠭᠤᠯᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠮᠡᠳᠡᠯᠭᠡ ᠵᠡᠷᠭᠡ ᠶᠢ ᠰᠤᠷᠤᠯᠴᠠᠭᠤᠯᠵᠤ᠂ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠷᠢᠮᠵᠢᠶᠠᠭᠤᠯᠣᠨᠠ᠃ | | ᠲᠦᠷᠦᠭᠦᠬᠡᠨ ᠪᠣᠯᠲᠠᠯ᠎ᠠ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠭᠦᠷᠦᠭᠰᠡᠨ ᠬᠥᠮᠦᠰ ᠲᠤ ᠨᠡᠶᠢᠲᠡ 403 ᠪᠣᠲᠢ | ᠲᠠᠩᠰᠠ ᠡᠪᠬᠡᠮᠡᠯ ᠢ ᠭᠠᠷᠭᠠᠨ ᠠᠪᠴᠤ᠂ ᠨᠡᠶᠢᠭᠡᠮ ᠤᠨ ᠳᠠᠭᠠᠳᠬᠠᠯ ᠤᠨ ᠲᠥᠪ ᠤᠨ ᠰᠢᠯᠵᠢᠭᠦᠯᠦᠨ ᠲᠤᠰᠢᠶᠠᠭᠰᠠᠨ | ᠠᠵᠢᠯᠴᠢᠨ ᠤ 1891 ᠪᠣᠲᠢ ᠲᠠᠩᠰᠠ ᠡᠪᠬᠡᠮᠡᠯ ᠢ ᠭᠥᠯᠢᠶᠡᠨ ᠠᠪᠴᠤ᠂ ᠪᠤᠰᠤᠳ ᠬᠥᠮᠦᠰ 218 ᠪᠣᠲᠢ ᠲᠠᠩᠰᠠ | ᠡᠪᠬᠡᠮᠡᠯ ᠢ ᠲᠤᠰᠢᠶᠠᠵᠠᠶ᠃ | |