ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠢ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ | ᠵᠢᠴᠢ ᠬᠥᠮᠦᠰ ᠢ ᠰᠢᠯᠵᠢᠭᠦᠯᠬᠦ ᠲᠥᠰᠦᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠣᠳᠠᠲᠤ | ᠪᠠᠶᠢᠯᠳᠤᠭᠠᠨ ᠤ ᠬᠢᠷᠢ ᠲᠦᠪᠰᠢᠨ ᠪᠠ ᠲᠦᠷᠭᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠬᠦᠵᠦ | ᠰᠢᠷᠬᠠᠲᠤᠬᠤ ᠪᠠ ᠡᠳ᠋ ᠬᠦᠷᠦᠩᠭᠡ ᠶᠢᠨ ᠬᠤᠬᠢᠷᠠᠯ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠬᠦ ᠶᠢᠨ ᠲᠥᠯᠥᠭᠡ | ᠂ ᠤᠢᠢᠷ᠎ᠠ ᠳᠤ᠂ ᠮᠠᠨ ᠤ ᠬᠤᠳᠠ ᠶᠢᠨ 4 ᠤᠰᠤᠨ ᠴᠥᠭᠦᠷᠥᠮ ᠤᠨ ᠬᠢᠨ ᠪᠦᠬᠦ ᠤᠰᠤᠨ ᠴᠥᠭᠦᠷᠥᠮ ᠤᠨ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠰᠣᠷᠢᠯᠲᠠ ᠵᠢᠴᠢ ᠤᠰᠤᠨ ᠴᠥᠭᠦᠷᠥᠮ ᠤᠨ ᠳᠤᠤᠷᠠᠳᠤ | ᠤᠷᠤᠰᠬᠠᠯ ᠤᠨ ᠬᠥᠮᠦᠰ ᠢ ᠰᠢᠯᠵᠢᠭᠦᠯᠬᠦ ᠰᠣᠷᠢᠯᠲᠠ ᠶᠢ ᠥᠷᠨᠢᠭᠦᠯᠪᠡ᠃ | | ᠲᠣᠰ ᠤᠳᠠᠭᠠᠨ ᠤ ᠰᠣᠷᠢᠯᠲᠠ ᠶᠢ ᠭᠤᠤᠯᠯᠠᠨ ᠡᠷᠭᠢᠯᠡᠭᠰᠡᠨ ᠨᠢᠭᠡᠴᠡ ᠪᠣᠯ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ ᠪᠣᠯᠤᠨ᠎ᠠ᠂ ᠰᠣᠷᠢᠯᠲᠠ ᠳᠤ ᠣᠷᠣᠯᠴᠠᠭᠰᠠᠨ ᠨᠢᠭᠡᠴᠡ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠩᠭᠢᠰ ᠬᠠᠭᠠᠨ ᠤ ᠮᠠᠯᠵᠢᠯ ᠤᠨ ᠲᠠᠯᠠᠪᠠᠶ᠂ ᠸᠧ ᠨᠢᠤ ᠾᠧ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠳ᠋ᠠ ᠾᠧ ᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠴᠢᠩᠭᠢᠰ | ᠬᠠᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠤᠰᠤᠨ ᠴᠥᠭᠦᠷᠥᠮ ᠤᠨ ᠳᠣᠤᠷᠠᠳᠤ ᠤᠷᠤᠰᠬᠠᠯ ᠳᠤ | ᠬᠤᠯᠪᠣᠭᠳᠠᠭᠰᠠᠨ ᠪᠣᠶ ᠪᠥᠬᠦᠶ ᠲᠣᠰᠬᠤᠨ ᠤ ᠠᠷᠠᠳ ᠤᠨ ᠵᠥᠪᠯᠡᠯ ᠪᠣᠯᠤᠨ᠎ᠠ᠃ ᠭᠤᠣᠯ ᠠᠭᠤᠯᠭ᠎ᠠ ᠨᠢ᠄ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂ ᠤᠰᠤᠨ ᠴᠥᠭᠦᠷᠥᠮ ᠤᠨ ᠳᠤᠤᠷᠠᠳᠤ ᠤᠷᠤᠰᠬᠠᠯ ᠤᠨ ᠬᠥᠮᠦᠰ ᠢ | ᠵᠠᠶᠢᠯᠠᠭᠤᠯᠤᠨ ᠰᠢᠯᠵᠢᠭᠦᠯᠬᠦ᠂ ᠤᠰᠤᠨ ᠴᠥᠭᠦᠷᠥᠮ ᠤᠨ ᠬᠠᠰᠢᠯᠭ᠎ᠠ ᠶᠢᠨ ᠤᠷᠤᠢ ᠳᠡᠭᠡᠷᠡᠬᠢ ᠰᠢᠷᠣᠶ ᠶᠢᠨ ᠤᠭᠤᠲᠠ ᠶᠢ | ᠵᠠᠪᠳᠤᠨ ᠪᠠᠶᠢᠭᠤᠯᠵᠤ ᠤᠰᠤᠨ ᠬᠠᠰᠢᠯᠭ᠎ᠠ ᠶᠢ ᠬᠠᠰᠢᠬᠤ᠂ ᠤᠰᠤᠨ ᠴᠥᠭᠦᠷᠥᠮ ᠤᠨ ᠳᠠᠪᠠᠯᠭᠠᠨ ᠢ ᠰᠡᠷᠭᠡᠶᠢᠯᠡᠬᠦ | ᠬᠡᠷᠡᠮ ᠢ ᠪᠠᠬᠢᠯᠡᠬᠦ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠷᠤ ᠲᠠᠯ᠎ᠠ ᠶᠢᠨ ᠤᠰᠤᠨ ᠪᠡᠯ ᠤᠨ ᠬᠤᠭᠤᠯᠠᠶ | ᠣᠷᠭᠢᠯᠬᠤ ᠳᠤ ᠠᠶᠤᠯ ᠠᠴᠠ ᠠᠪᠤᠷᠠᠬᠤ ᠵᠢᠴᠢ ᠤᠰᠤᠨ ᠴᠥᠭᠦᠷᠥᠮ ᠤᠨ ᠬᠠᠭᠠᠯᠲᠠ ᠶᠢ ᠨᠡᠭᠡᠭᠡᠵᠦ ᠬᠠᠭᠠᠬᠤ ᠵᠡᠷᠭᠡ | ᠠᠭᠤᠯᠭ᠎ᠠ ᠶᠢ ᠪᠠᠭᠲᠠᠭᠠᠨ᠎ᠠ᠃ ᠰᠣᠷᠢᠯᠲᠠ ᠳᠤ ᠣᠷᠣᠯᠴᠠᠭᠰᠠᠨ ᠬᠥᠮᠦᠰ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠭᠡᠵᠦ᠂ ᠪᠦᠯᠬᠦᠮᠳᠡᠨ ᠬᠠᠮᠵᠢᠯᠴᠠᠵᠤ᠂ ᠲᠣᠰ ᠤᠳᠠᠭᠠᠨ ᠤ ᠤᠰᠤᠨ ᠴᠥᠭᠦᠷᠥᠮ ᠤᠨ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠠᠪᠤᠷᠠᠬᠤ ᠰᠣᠷᠢᠯᠲᠠ ᠵᠢᠴᠢ ᠳᠣᠤᠷᠠᠳᠤ ᠤᠷᠤᠰᠬᠠᠯ ᠤᠨ ᠣᠯᠠᠨ ᠲᠦᠮᠡᠨ ᠢ ᠰᠢᠯᠵᠢᠭᠦᠯᠬᠦ | ᠰᠣᠷᠢᠯᠲᠠ ᠶᠢᠨ ᠪᠥᠬᠦ ᠠᠭᠤᠯᠭ᠎ᠠ ᠶᠢ ᠪᠠᠴᠢᠮ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠪᠡ᠃ | | ᠲᠤᠰ ᠤᠳᠠᠭᠠᠨ ᠤ ᠦᠶᠡᠷ ᠢ ᠰᠡᠷᠭᠡᠶᠢᠯᠡᠬᠦ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠢ | ᠥᠷᠨᠢᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠰᠣᠷᠢᠯᠲᠠ ᠳᠤ ᠣᠷᠣᠯᠴᠠᠭᠰᠠᠳ ᠲᠤ ᠤᠰᠤᠨ | ᠴᠥᠭᠦᠷᠥᠮ ᠳᠤ ᠪᠠᠶᠢᠩᠭᠤ ᠲᠣᠬᠢᠶᠠᠯᠳᠤᠬᠤ ᠠᠶᠤᠯ ᠠᠴᠠ ᠠᠪᠤᠷᠠᠬᠤ ᠠᠷᠭ᠎ᠠ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ | ᠪᠣᠯᠪᠠᠰᠤᠷᠠᠩᠭᠤᠶ ᠡᠵᠡᠮᠰᠢᠭᠦᠯᠵᠦ᠂ ᠭᠡᠨᠡᠳᠲᠡ ᠶᠢᠨ ᠠᠶᠤᠯ ᠲᠠᠢ ᠦᠶ᠎ᠡ ᠳᠤ ᠲᠦᠷᠭᠡᠨ ᠲᠤᠰᠬᠠᠯ ᠭᠠᠷᠭᠠᠵᠤ᠂ | ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠲᠦᠷᠭᠡᠨ ᠠᠶᠤᠯ ᠠᠴᠠ ᠠᠪᠤᠷᠠᠵᠤ᠂ ᠬᠥᠮᠦᠨ ᠦᠬᠦᠵᠦ ᠰᠢᠷᠬᠠᠲᠤᠬᠤ ᠪᠠ | ᠡᠳ᠋ ᠬᠥᠷᠥᠩᠭᠡ ᠶᠢᠨ ᠬᠤᠬᠢᠷᠠᠯ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠮᠠᠨ ᠤ ᠬᠤᠲᠠ ᠶᠢᠨ | ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃ | |