ᠸᠧ ᠨᠢᠤ ᠾᠧ ᠪᠠᠯᠭᠠᠰᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠶᠠᠷᠢᠯᠴᠠᠬᠤ ᠬᠤᠷᠠᠯ ᠰᠣᠯᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/29
    ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ  ᠂ 7 ᠰᠠᠷ᠎ᠠ ᠶᠢᠨ 26      ᠤ ᠡᠳᠦᠷ᠂  ᠸᠧ ᠨᠢᠤ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠰᠣᠯᠢᠯᠴᠠᠬᠤ ᠬᠤᠷᠠᠯ ᠵᠠᠰᠠᠭ ᠤᠨ ᠣᠷᠳᠣᠨ ᠤ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠶᠠᠪᠤᠭᠳᠠᠵᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠯᠪᠠᠨ ᠬᠡᠷ ᠤᠨ ᠳᠡᠳ᠋ ᠡᠷᠬᠢᠯᠡᠭᠴᠢ ᠠᠴᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠣᠶ ᠰᠢᠭᠤᠶ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ ᠨᠡᠶᠢᠲᠡ 5 ᠬᠥᠮᠦᠨ ᠢ ᠳᠠᠭᠠᠭᠤᠯᠤᠨ ᠤᠷᠢᠯᠭ᠎ᠠ ᠪᠠᠷ ᠬᠤᠷᠠᠯ ᠳᠤ ᠣᠷᠣᠯᠴᠠᠵᠤ᠂ ᠪᠠᠯᠭᠠᠰᠤᠨ ᠤ ᠬᠤᠯᠪᠣᠭᠳᠠᠯ ᠪᠥᠬᠦᠶ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠵᠦ ᠬᠡᠷᠡᠭ  ᠰᠢᠢᠳᠪᠦᠷᠢᠯᠡᠬᠦ ᠶᠠᠪᠤᠴᠠ ᠳᠤ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠤᠬᠠᠶ᠂ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠬᠡᠷᠡᠭ ᠢ ᠭᠥᠯᠢᠶᠡᠨ ᠠᠪᠴᠤ  ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠭᠡᠷᠡᠴᠢ ᠪᠠᠷᠢᠮᠲᠠ ᠶᠢ ᠰᠢᠯᠵᠢᠭᠦᠯᠦᠨ ᠠᠪᠬᠤ ᠵᠢᠴᠢ ᠡᠯ᠎ᠡ  ᠵᠦᠢᠯ ᠤᠨ ᠬᠠᠤᠯᠢ ᠴᠠᠭᠠᠵᠠ ᠶᠢᠨ ᠪᠢᠴᠢᠭ ᠬᠠᠷ᠎ᠠ ᠵᠣᠬᠢᠶᠠᠬᠤ ᠵᠡᠷᠭᠡ ᠲᠠᠯ᠎ᠠ ᠪᠠᠷ ᠬᠤᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ ᠲᠠᠢ ᠰᠠᠨᠠᠯ ᠵᠶ᠋ᠠᠨ‌ᠨᠠᠷᠢᠨ ᠨᠢᠮᠪᠠᠶ ᠰᠣᠯᠢᠯᠴᠠᠪᠠ᠃ ᠤᠯᠠᠨ ᠢᠶᠠᠷ ᠢᠶᠠᠨ ᠪᠣᠳᠠᠲᠠᠶ ᠬᠡᠷᠡᠭ᠂ ᠪᠣᠳᠠᠲᠠᠶ ᠠᠰᠠᠭᠤᠳᠠᠯ ᠠᠴᠠ ᠡᠭᠦᠰᠴᠦ᠂ ᠲᠤᠷᠰᠢᠯᠭ᠎ᠠ ᠪᠠᠨ ᠰᠣᠯᠢᠯᠴᠠᠨ᠂ ᠬᠦᠷᠦᠯᠴᠡᠬᠦ ᠦᠭᠡᠢ ᠲᠠᠯ᠎ᠠ ᠪᠠᠨ ᠳ᠋ᠦᠩᠨᠡᠵᠦ᠂ ᠪᠤᠳᠤᠯ ᠰᠠᠨᠠᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠤ᠂ ᠬᠠᠮᠲᠤ ᠪᠠᠷ ᠰᠤᠷᠤᠯᠴᠠᠵᠤ  ᠰᠣᠯᠢᠯᠴᠠᠪᠠ᠃     ᠪᠣᠯᠪᠠᠰᠤᠷᠠᠭᠤᠯᠤᠯ ᠰᠣᠯᠢᠯᠴᠠᠭᠠᠨ ᠤ ᠬᠤᠷᠠᠯ ᠢᠶᠠᠷ ᠳᠡᠮᠵᠢᠨ᠂  ᠸᠧ ᠨᠢᠤ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠤ ᠳᠡᠭᠡᠭᠰᠢᠯᠡᠯᠲᠡ ᠶᠢ ᠬᠦᠴᠦᠲᠡᠶ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ  ᠦᠢᠯᠡᠳᠬᠦ ᠰᠠᠭᠤᠷᠢ ᠶᠢ ᠪᠠᠬᠢᠵᠢᠭᠦᠯᠵᠦ᠂ ᠬᠤᠶᠢᠰᠢᠳᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号