ᠰᠢᠶᠠᠩ ᠶᠠᠩ ᠵᠡᠭᠡᠯᠢ ᠭᠤᠳᠤᠮᠵᠢ ᠳᠤ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠢ ᠥᠪᠡᠰᠦᠪᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/7/29
     ᠰᠢᠶᠠᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠤᠨ ᠥᠪᠡᠷᠲᠡᠭᠡᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠡᠮᠬᠢ ᠳᠢᠭᠯᠢᠮ ᠲᠠᠢ ᠥᠷᠨᠢᠭᠦᠯᠬᠦ ᠶᠢᠨ ᠲᠥᠯᠥᠭᠡ᠂ ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠶᠠᠩ ᠶᠠᠩ ᠵᠡᠭᠡᠯᠢ ᠭᠤᠳᠤᠮᠵᠢ ᠶᠢᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠤᠨ ᠲᠤᠰᠬᠠᠶ ᠵᠠᠰᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠲᠦᠷᠭᠡᠨ ᠪᠠᠶᠢᠭᠤᠯᠵᠤ ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠡᠯ᠎ᠡ ᠨᠡᠶᠢᠭᠡᠮ ᠲᠣᠭᠤᠷᠢᠭ᠂ ᠲᠣᠰᠬᠤᠨ ᠤ ᠬᠠᠮᠢᠶ᠎ᠠ ᠪᠥᠬᠦᠶ ᠬᠥᠮᠦᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠵᠢᠯ ᠤᠨ ᠱᠠᠭᠠᠷᠳᠠᠯᠭ᠎ᠠ᠂ ᠡᠭᠦᠷᠭᠡ ᠵᠢᠴᠢ ᠲᠤᠰᠬᠠᠶ ᠵᠠᠰᠠᠯᠲᠠ ᠶᠢᠨ ᠴᠢᠬᠤᠯᠠ ᠴᠢᠨᠠᠷ ᠢ ᠲᠣᠳᠣᠷᠬᠠᠶᠢᠯᠠᠵᠤ᠂ ︽ᠪᠦᠬᠦᠨ ᠳᠤ ᠳᠣᠭᠢᠷᠠᠬᠤ ᠺᠠᠷᠲ︾ ᠤᠨ ᠲᠤᠰᠬᠠᠶ ᠵᠠᠰᠠᠯᠲᠠ ᠶᠢᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠪᠠ᠃      ︽ᠪᠦᠬᠦᠨ ᠳᠤ ᠳᠣᠭᠢᠷᠠᠬᠤ ᠺᠠᠷᠲ︾ ᠤᠨ ᠬᠠᠮᠢᠶᠠᠷᠤᠯᠲᠠ ᠬᠡᠷᠡᠭᠯᠡᠯᠲᠡ ᠪᠠ ᠪᠠᠯᠠ ᠮᠥᠩᠭᠦ ᠶᠢᠨ ᠬᠤᠪᠢᠶᠠᠷᠢᠯᠠᠯᠲᠠ ᠲᠠᠷᠬᠠᠭᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠠᠪᠤᠷᠠᠨ ᠲᠤᠰᠠᠯᠠᠬᠤ ᠪᠠᠯᠠ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠰᠢᠶᠠᠩ ᠶᠠᠩ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠲᠣᠰᠬᠤᠨ ᠤ ᠠᠵᠢᠯᠲᠠᠳ ᠠᠷᠠᠳ ᠲᠤ ᠠᠰᠢᠭ ᠬᠦᠷᠲᠡᠭᠡᠬᠦ ︽ᠪᠦᠬᠦᠨ ᠳᠤ ᠳᠣᠭᠢᠷᠠᠬᠤ ᠺᠠᠷᠲ︾ ᠢ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠪᠡ᠃ ᠠᠵᠢᠯᠲᠠᠳ ᠡᠷᠦᠬᠡ ᠳᠠᠷᠠᠭᠠᠯᠠᠨ ᠬᠦᠷᠴᠦ᠂ ᠠᠮᠢᠳᠤᠷᠠᠯ ᠤᠨ   ᠳᠣᠣᠷ᠎ᠠ ᠪᠠᠲᠤᠯᠠᠭ᠎ᠠ ᠶᠢᠨ ᠨᠥᠬᠦᠪᠥᠷᠢ᠂ ᠣᠷᠳᠣ ᠨᠠᠰᠤᠯᠠᠬᠤ ᠨᠥᠬᠦᠪᠥᠷᠢ᠂ ᠵᠡᠮᠳᠡᠭᠴᠦᠳ ᠤᠨ ᠬᠤᠶᠠᠷ  ᠵᠦᠢᠯ ᠤᠨ ᠠᠮᠢᠳᠤᠷᠠᠯ ᠤᠨ ᠨᠥᠬᠦᠪᠥᠷᠢ᠂ ᠠᠰᠠᠷᠠᠮᠵᠢ ᠶᠢᠨ ᠨᠥᠬᠦᠪᠥᠷᠢ ᠵᠡᠷᠭᠡ ︽ᠪᠦᠬᠦᠨ ᠳᠤ ᠳᠣᠭᠢᠷᠠᠬᠤ ᠺᠠᠷᠲ︾ ᠢᠶᠠᠷ ᠳᠡᠮᠵᠢᠨ ᠣᠯᠭᠤᠭᠰᠠᠨ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠭᠤᠤᠯᠳᠠᠯᠭ᠎ᠠ ᠲᠠᠢ ᠪᠠᠷ ᠨᠢᠭᠡ ᠨᠢᠭᠡ ᠪᠠᠷ ᠳᠡᠩᠰᠡᠯᠡᠨ ᠲᠡᠮᠳᠡᠭᠯᠡᠵᠦ᠂ ︽ᠪᠦᠬᠦᠨ ᠳᠤ ᠳᠣᠭᠢᠷᠠᠬᠤ ᠺᠠᠷᠲ︾ ᠢ ᠬᠡᠷᠡᠭᠯᠡᠭᠰᠡᠨ ᠵᠢᠴᠢ ᠨᠥᠬᠦᠪᠥᠷᠢ ᠶᠢᠨ ᠪᠠᠯᠠ ᠮᠥᠩᠭᠦ ᠶᠢ ᠡᠷᠦᠬᠡ ᠳᠤ ᠣᠷᠣᠭᠤᠯᠤᠭᠰᠠᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢ ᠣᠨᠣᠪᠴᠢᠲᠠᠶ᠂ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠰᠠᠭᠤᠭᠠᠯᠢ ᠠᠷᠠᠳ ᠤᠨ ᠭᠠᠷ ᠲᠤ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃      ᠲᠣᠰ ᠤᠳᠠᠭᠠᠨ ᠤ ᠠᠵᠢᠯ ᠨᠢ ᠣᠯᠠᠨ ᠲᠦᠮᠡᠨ ᠤ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠷᠠᠭᠤᠯᠤᠨ᠂ ᠲᠠᠷᠠᠭᠠᠴᠢ ᠶᠢᠨ ᠠᠯᠬᠤᠮ ᠤᠨ ᠵᠠᠰᠠᠯᠲᠠ ᠶᠢᠨ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号