ᠣᠶᠢᠷ᠎ᠠ ᠳᠤ᠂ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶ᠎ᠠ ᠶᠢᠨ ᠨᠠᠮ ᠤᠨ ᠡᠭᠦᠷ ︽ | ᠨᠠᠮ ᠤᠨ ᠲᠡᠤᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ | ᠪᠠᠶᠢᠳᠠᠯ ᠢ ᠨᠡᠭᠡᠭᠡᠬᠦ︾ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠡᠭᠦᠷ ᠤᠨ | ᠪᠥᠬᠦ ᠨᠠᠮ ᠤᠨ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠤᠯᠤᠰ ᠲᠥᠷᠥ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠦ᠋ ᠴᠢ | ᠬᠤᠷᠠᠯ ᠢ ᠡᠷᠭᠢᠯᠡᠪᠡ᠃ | | ᠬᠤᠷᠠᠯ ᠳᠡᠭᠡᠷ᠎ᠡ ᠵᠦ᠋ ᠴᠢ ᠨᠥᠬᠦᠷ ᠲᠦᠷᠦᠭᠦᠯᠡᠨ ᠶᠠᠷᠢᠶ᠎ᠠ ᠲᠠᠯᠪᠢᠵᠤ᠂ ᠠᠰᠠᠭᠤᠳᠠᠯ ᠢ ᠵᠠᠳᠠᠯᠤᠨ ᠰᠢᠨᠵᠢᠯᠡᠵᠦ | ᠂ ᠴᠡᠭᠴᠡᠯᠡᠨ ᠥᠭᠡᠷᠡᠴᠢᠯᠡᠬᠦ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠴᠠᠶ᠃ ᠪᠦᠬᠦ ᠨᠠᠮ ᠤᠨ ᠭᠡᠰᠢᠭᠦᠳ ᠳᠡᠰ | ᠳᠠᠷᠠᠭ᠎ᠠ ᠲᠠᠢ ᠪᠠᠷ ᠶᠠᠷᠢᠶ᠎ᠠ ᠲᠠᠯᠪᠢᠬᠤ ᠶᠢᠨ ᠬᠠᠮᠲᠤ ᠥᠪᠡᠷ ᠤᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠯ ᠬᠢᠵᠡᠢ᠃ | | ᠵᠦ᠋ ᠴᠢ ᠨᠥᠬᠦᠷ ᠠᠷᠠᠳ ᠤᠨ ᠶᠠᠪᠤᠳᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠱᠠᠭᠠᠷᠳᠠᠯᠭ᠎ᠠ ᠳᠤᠷᠠᠳᠴᠠᠶ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠶ᠃ | ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠤᠳᠠᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ | ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠲᠡᠷᠡ ᠳᠠᠷᠤᠢ ᠳᠤᠨᠢ | ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠭ᠎ᠠ | ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠮ ᠤᠨ ᠪᠠᠶᠢᠭᠤᠯᠤᠯᠲᠠ ᠶᠢᠨ ᠠᠵᠢᠯ᠂ | ᠠᠷᠠᠳ ᠤᠨ ᠶᠠᠪᠤᠳᠠᠯ ᠤᠨ ᠠᠵᠢᠯ ᠲᠠᠢ ᠨᠢᠭᠲᠠ ᠤᠶᠠᠯᠳᠤᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ | ᠲᠦᠷᠢᠮ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ | ᠬᠦᠴᠦᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠠᠵᠢᠯ ᠢ ᠨᠡᠩ ᠰᠠᠶᠢᠲᠤᠷ | ᠨᠠᠶᠢᠳᠠᠪᠤᠷᠢᠵᠢᠭᠤᠯᠤᠨ᠎ᠠ᠃ | | |