ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ ᠤᠯᠠᠭᠠᠨᠬᠠᠳᠠ ᠶᠢᠨ ᠤᠯᠠᠭᠠᠨ ᠬᠤᠶᠠᠳᠤᠭᠠᠷ ᠬᠡᠦᠬᠡᠳ ᠤᠨ ᠴᠡᠴᠡᠷᠯᠢᠭ ᠲᠤ ᠬᠦᠷᠴᠦ ︽ᠬᠤᠪᠢᠰᠬᠠᠯᠲᠤ ᠵᠣᠷᠢᠭ ᠰᠠᠨᠠᠭ᠎ᠠ︾ ᠶᠢᠨ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/29
    ᠰᠤᠷᠤᠭᠴᠢᠳ ᠤᠨ ᠨᠠᠮ ᠢᠶᠠᠨ ᠬᠠᠶᠢᠷᠠᠯᠠᠵᠤ ᠲᠡᠦᠬᠡ ᠪᠠᠨ ᠮᠡᠳᠡᠬᠦ  ᠰᠡᠳᠬᠢᠯᠭᠡ ᠶᠢ ᠬᠥᠭᠵᠢᠭᠡᠵᠦ᠂ ︽ᠨᠠᠮ ᠳᠠᠭᠠᠨ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠵᠠᠯᠠᠭᠤ ᠨᠠᠰᠤᠨ ᠤ ᠲᠠᠩᠭᠠᠷᠢᠭ ᠢ ᠦᠢᠯᠡᠳᠦᠯᠭᠡᠵᠢᠭᠦᠯᠬᠦ ᠶᠢᠨ ᠲᠥᠯᠥᠭᠡ᠂ ᠤᠢᠢᠷ᠎ᠠ ᠳᠤ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ︽ᠬᠡᠦᠬᠡᠳ ᠢ ᠲᠤᠰᠠᠯᠠᠬᠤ︾  ᠬᠤᠪᠢᠰᠬᠠᠯ ᠤᠨ ᠵᠣᠷᠢᠭ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠪᠦᠯᠬᠦᠮ ᠤᠨ 6 ᠪᠦᠷᠢᠯᠳᠦᠬᠦᠨ ᠠᠮᠠᠷᠠᠯᠲᠠ ᠶᠢᠨ ᠴᠠᠭ ᠢᠶᠠᠨ ᠠᠰᠢᠭᠯᠠᠨ ᠤᠯᠠᠭᠠᠨᠬᠠᠳᠠ ᠬᠤᠳᠠ ᠶᠢᠨ ᠤᠯᠠᠭᠠᠨᠬᠠᠳᠠ ᠬᠤᠶᠠᠳᠤᠭᠠᠷ ᠬᠡᠦᠬᠡᠳ ᠤᠨ ᠴᠡᠴᠡᠷᠯᠢᠭ ᠤᠨ ᠶᠡᠭᠡ ᠠᠩᠬᠢ ᠳᠤ ᠬᠦᠷᠴᠦ 30 ᠬᠡᠦᠬᠡᠳ ᠲᠤ ︽ᠬᠤᠪᠢᠰᠬᠠᠯ ᠤᠨ ᠦᠯᠢᠭᠡᠷ ᠢ ᠰᠣᠨᠣᠰᠴᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠳᠤ ᠬᠦᠨᠳᠦᠳᠬᠡᠯ ᠳᠡᠪᠰᠢᠭᠦᠯᠬᠦ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠬᠤᠪᠢᠰᠬᠠᠯ ᠤᠨ ᠰᠣᠩᠭᠤᠳᠠᠭ ᠵᠢᠷᠤᠭ ᠢᠶᠠᠷ ᠳᠠᠮᠵᠢᠭᠤᠯᠤᠨ ᠪᠢᠴᠢᠬᠠᠨ ᠨᠠᠶᠢᠵᠠ ᠨᠠᠷ ᠲᠤ ᠲᠡᠶᠢᠨ ᠤ ᠵᠢᠯ ᠤᠳ ᠲᠠᠬᠢ ᠪᠠᠶᠢᠯᠳᠤᠭᠴᠢᠳ ᠤᠨ ᠬᠠᠲᠠᠭᠤ ᠪᠡᠷᠬᠡᠰᠢᠶᠡᠯᠲᠦ ᠠᠮᠢᠳᠤᠷᠠᠯ ᠵᠢᠴᠢ ᠲᠡᠳᠡᠨ ᠤ ᠬᠡᠵᠢᠶᠡᠳᠡ  ᠨᠣᠭᠤᠷᠠᠬᠤ ᠥᠬᠡᠶ ᠬᠤᠪᠢᠰᠬᠠᠯᠲᠤ ᠵᠣᠷᠢᠭ ᠰᠠᠨᠠᠭ᠎ᠠ ᠶᠢ ᠶᠠᠷᠢᠵᠤ ᠥᠭᠴᠡᠶ᠃ ᠡᠭᠦᠨ ᠤ ᠳᠠᠷᠠᠭ᠎ᠠ ᠪᠠᠷ ︽ ᠭᠠᠷ ᠢᠶᠠᠷ ᠵᠢᠷᠣᠭᠰᠠᠨ ᠵᠦᠢᠯᠡᠰ ᠢᠶᠠᠨ ᠨᠠᠮ ᠳᠤ ᠵᠣᠷᠢᠭᠤᠯᠬᠤ︾ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢᠳ ᠥᠪᠡᠷ ᠤᠨ ᠲᠤᠰᠬᠠᠶ ᠮᠡᠷᠭᠡᠵᠢᠯ ᠤᠨ ᠮᠡᠳᠡᠯᠭᠡ ᠪᠠᠷ ᠢᠶᠠᠨ ᠳᠠᠮᠵᠢᠭᠤᠯᠤᠨ᠂ ᠪᠢᠴᠢᠬᠠᠨ ᠨᠠᠶᠢᠵᠠ ᠨᠠᠷ ᠢᠶᠠᠨ ᠳᠠᠭᠠᠭᠤᠯᠤᠨ ᠵᠢᠷᠤᠭ ᠵᠢᠷᠤᠵᠤ᠂ ᠵᠢᠷᠤᠬᠤ ᠶᠠᠪᠤᠴᠠ ᠳᠠᠭᠠᠨ ᠬᠡᠤᠬᠡᠳ ᠤᠳ ᠤᠨ ᠡᠬᠡ ᠣᠷᠣᠨᠴᠢ ᠰᠡᠳᠬᠢᠯᠭᠡ ᠶᠢ  ᠰᠣᠶᠣᠭᠠᠯᠠᠭᠤᠯᠪᠠ᠃    ᠲᠤᠰ ᠤᠳᠠᠭ᠎ᠠ ᠶᠢᠨ ᠠᠵᠢᠯᠯᠠᠭ᠎ᠠ ᠳᠤ᠂ ᠵᠠᠯᠠᠨ ᠠᠶᠢᠯ ᠬᠤᠳᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠬᠠᠶᠢᠷ᠎ᠠ ᠬᠠᠯᠠᠮᠵᠢ ᠪᠠ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠷ ᠢᠶᠠᠨ ᠬᠤᠪᠢᠰᠬᠠᠯ ᠤᠨ ᠰᠣᠶᠣᠯ ᠢ ᠪᠢᠴᠢᠬᠠᠨ ᠨᠠᠶᠢᠵᠠ ᠨᠠᠷ  ᠲᠤ ᠣᠯᠠᠮᠵᠢᠯᠠᠨ᠂ ᠬᠡᠦᠬᠡᠳ ᠢ ᠪᠠᠶᠠᠷ ᠪᠠᠭ᠋ᠠᠳᠤᠯ ᠲᠠᠢ ᠰᠣᠨᠢᠷᠬᠠᠯᠲᠠᠢ ᠠᠵᠢᠯᠯᠠᠭ᠎ᠠ ᠳᠤᠮᠳᠠ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠬᠤᠪᠢᠰᠬᠠᠯ ᠤᠨ ᠬᠦᠴᠦᠨ ᠢ ᠣᠶᠢᠯᠠᠭᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠠᠢ᠃ ᠵᠠᠯᠭᠠᠭᠠᠳ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠢᠬᠤᠯᠠ ᠶᠡᠭᠡ ᠪᠠᠶᠠᠷ ᠤᠨ ᠡᠳᠦᠷ ᠪᠠ ᠳᠤᠷᠠᠰᠬᠠᠯ ᠤᠨ ᠡᠳᠦᠷ ᠲᠠᠢ ᠤᠶᠠᠯᠳᠤᠭᠤᠯᠤᠨ᠂ ᠡᠯᠪᠡᠭ ᠪᠠᠶᠠᠯᠢᠭ ᠲᠠᠩᠰᠤᠭ ᠰᠠᠶᠢᠬᠠᠨ ᠬᠤᠪᠢᠰᠬᠠᠯ ᠤᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠤᠯᠤᠰ ᠢᠶᠠᠨ ᠬᠠᠶᠢᠷᠠᠯᠠᠬᠤ  ᠪᠠ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠬᠢᠵᠦ᠂ ᠰᠤᠷᠤᠭᠴᠢᠳ ᠲᠤ ᠠᠵᠢᠯᠯᠠᠭ᠎ᠠ ᠶᠢᠨ ᠳᠤᠮᠳᠠ  ᠰᠤᠷᠭᠠᠨ ᠬᠥᠮᠦᠵᠢᠯ ᠬᠦᠷᠲᠡᠭᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号