ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ  ᠲᠣᠪᠴᠢ  ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/7/9
    ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠭᠡᠵᠦ ᠲᠣᠪᠴᠢᠯᠠᠨ᠎ᠠ︶ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠢ ᠬᠠᠷᠢᠭᠤᠴᠠᠬᠤ ᠶᠡᠷᠦᠩᠬᠡᠶᠢᠯᠡᠭᠰᠡᠨ ᠴᠢᠨᠠᠷᠲᠠᠶ ᠬᠡᠷᠡᠭ ᠡᠷᠭᠢᠯᠡᠬᠦ ᠪᠠᠶᠢᠭᠤᠯᠤᠮᠵᠢ ᠪᠠᠶᠢᠵᠤ᠂ ᠰᠠᠯᠠᠭᠠᠨ ᠤ ᠲᠠᠰ ᠪᠣᠯᠤᠨ᠎ᠠ᠃ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠫᠠᠶᠢᠰᠠ ᠶᠢ ᠨᠡᠮᠡᠵᠦ  ᠡᠯᠭᠦᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠢ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠭᠠᠷᠭᠠᠵᠤ᠂ ᠬᠤᠳᠠ ᠶᠢᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ  ᠣᠳᠣᠷᠢᠳᠣᠯᠭ᠎ᠠ ᠶᠢ ᠳᠠᠭᠠᠨ᠎ᠠ  ᠃          ᠨᠢᠭᠡ᠂ ᠭᠤᠤᠯ ᠡᠭᠦᠷᠭᠡ ᠬᠠᠷᠢᠭᠤᠴᠠᠯᠭ᠎ᠠ     ︵ ᠨᠢᠭᠡ︶ ᠬᠠᠮᠢᠶ᠎ᠠ ᠪᠥᠬᠦᠢ  ᠠᠯᠪᠠᠨ ᠪᠢᠴᠢᠭ ᠪᠠ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ  ᠪᠢᠴᠢᠨ᠎ᠡ᠃  ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ  ᠶᠢ ᠬᠠᠪᠰᠤᠷᠤᠨ  ᠂  ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯᠤᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠡᠷ᠎ᠡ  ᠪᠠᠷ  ᠨᠡᠶᠢᠲᠡᠯᠡᠭᠰᠡᠨ ᠠᠯᠪᠠᠨ ᠪᠢᠴᠢᠭ ᠢ ᠲᠣᠭᠤᠷᠪᠢᠨ ᠪᠢᠴᠢᠬᠦ ᠪᠣᠶᠣ ᠬᠢᠨᠠᠨ ᠬᠠᠷᠭᠤᠭᠤᠯᠵᠣ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠤᠨ ᠶᠠᠷᠢᠶ᠎ᠠ ᠵᠡᠷᠭᠡ  ᠶᠢᠨ ᠡᠬᠡ ᠨᠤᠤᠷᠠᠭ ᠢ  ᠲᠣᠭᠤᠷᠪᠢᠨ ᠪᠢᠴᠢᠨ᠎ᠡ᠃      ︵ᠬᠤᠶ᠋᠊‍ᠠᠷ︶ ᠵᠢᠭᠠᠪᠤᠷᠢ ᠠᠪᠬᠤ ᠵᠦᠢᠯᠡᠰ  ᠤᠨ ᠲᠤᠭᠤᠷᠪᠢᠭᠰᠠᠨ ᠰᠠᠨᠠᠯ  ᠢ  ᠰᠣᠳᠣᠯᠣᠨ ᠶᠠᠷᠢᠯᠴᠠᠬᠤ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠳᠠ ᠶᠢᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠶᠠᠪᠤᠳᠠᠯ ᠢ ᠰᠤᠳᠤᠯᠵᠤ᠂ ᠭᠦᠢᠴᠡᠳᠬᠡᠬᠦ  ᠭᠡᠵᠦ ᠪᠠᠶᠢᠭ᠎ᠠ ᠰᠠᠨᠠᠯ ᠢᠶᠠᠨ ᠳᠤᠷᠠᠳᠴᠤ᠂ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ  ᠵᠦᠪᠰᠢᠶᠡᠷᠡᠭᠦᠯᠦᠨ᠎ᠡ᠃      ︵ᠭᠤᠷᠪᠠ︶ ᠴᠢᠬᠤᠯᠠ ᠠᠰᠠᠭᠤᠳᠠᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠤᠨ ᠴᠣᠬᠤᠯᠠᠪᠤᠷᠢ ᠶᠢ ᠦᠨᠳᠦᠰᠦᠯᠡᠨ᠂ ᠬᠤᠳᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ ᠮᠠᠷᠭᠤᠭᠠᠨ ᠲᠠᠢ ᠠᠰᠠᠭᠤᠳᠠᠯ ᠢ ᠵᠣᠬᠢᠴᠠᠭᠤᠯᠵᠤ᠂ ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠲᠤ ᠮᠡᠳᠡᠭᠦᠯᠦᠨ ᠲᠣᠭᠲᠠᠭᠠᠯᠭᠠᠨ᠎ᠠ᠃     ︵ᠳᠥᠷᠪᠡ︶  ᠴᠠᠬᠢᠯᠭᠠᠨ ᠮᠡᠳᠡᠭᠡ  ᠶᠢᠨ ᠠᠵᠢᠯ ᠪᠠ ᠪᠢᠴᠢᠭ ᠮᠠᠲ᠋ᠧᠷᠢᠶᠠᠯ  ᠤᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ  ᠴᠠᠬᠢᠯᠭᠠᠨ ᠮᠡᠳᠡᠭᠡ ᠶᠢᠨ ᠠᠵᠢᠯ ᠢ  ᠬᠠᠷᠢᠭᠤᠴᠠᠵᠣ᠂ ᠬᠤᠲᠠ ᠶᠢᠨ ᠵᠠᠰᠠᠭ ᠤᠨ ᠣᠷᠳᠣᠨ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃      ︵ᠲᠠᠪᠤ︶ ᠬᠤᠷᠠᠯ ᠤᠨ ᠶᠠᠪᠤᠳᠠᠯ ᠵᠢᠴᠢ ᠬᠤᠷᠠᠯ ᠤᠨ ᠬᠢᠨᠠᠨ  ᠵᠦᠪᠰᠢᠶᠡᠷᠡᠯ ᠵᠢᠴᠢ ᠬᠠᠮᠢᠶᠠᠷᠤᠯᠲᠠ ᠶᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠤᠨ ᠳᠣᠲᠣᠭᠠᠳᠤ ᠶᠠᠪᠤᠳᠠᠯ ᠤᠨ ᠠᠵᠢᠯᠯᠠᠭ᠎ᠠ ᠶᠢᠨ  ᠠᠵᠢᠯ ᠢ  ᠬᠠᠷᠢᠭᠤᠴᠠᠨ᠎ᠠ᠃ ᠬᠤᠷᠠᠯ ᠤᠨ ᠬᠢᠨᠠᠨ  ᠵᠦᠪᠰᠢᠶᠡᠷᠡᠯ ᠵᠢᠴᠢ ᠬᠠᠮᠢᠶᠠᠷᠤᠯᠲᠠ ᠶᠢᠨ ᠠᠵᠢᠯ ᠢ  ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠢ ᠬᠠᠪᠰᠤᠷᠤᠨ ᠬᠤᠷᠠᠯ  ᠠᠴᠠ ᠲᠣᠭᠲᠠᠭᠠᠭᠰᠠᠨ ᠶᠠᠪᠤᠳᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠵᠢᠷᠭᠤᠭ᠎ᠠ︶ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ  ᠬᠢᠬᠦ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃     ︵ᠳᠣᠯᠤᠭ᠎ᠠ︶ ᠴᠢᠬᠤᠯᠠ ᠠᠵᠢᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠨᠠᠷ ᠤᠨ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠨᠠᠷ ᠲᠤ ᠴᠠᠭ ᠲᠤᠬᠠᠶ ᠳᠤᠨᠢ ᠬᠠᠷᠢᠭᠤ ᠮᠡᠳᠡᠭᠦᠯᠦᠯᠲᠡ ᠬᠢᠨ᠎ᠡ᠃ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤ ᠬᠤᠯᠪᠣᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ  ᠰᠢᠢᠳᠪᠦᠷᠢᠯᠡᠭᠦᠯᠵᠦ᠂ ᠰᠢᠪᠠᠳᠠᠨ  ᠰᠢᠢᠳᠪᠦᠷᠢᠯᠡᠭᠦᠯᠬᠦ᠂ ᠬᠠᠷᠢᠭᠤ ᠲᠤᠰᠬᠠᠬᠤ ᠵᠡᠷᠭᠡ ᠠᠵᠢᠯ ᠢ  ᠬᠠᠷᠢᠭᠤᠴᠠᠨ᠎ᠠ᠃      ︵ᠨᠠᠶᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠪᠠᠶᠢᠴᠠᠭᠠᠨ ᠰᠤᠳᠤᠯᠤᠯᠲᠠ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ  ᠦᠢᠯᠡᠴᠢᠯᠡᠨ᠎ᠡ᠃ ᠬᠤᠲᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ ᠤᠨ ᠪᠠᠢᠴᠠᠭᠠᠨ ᠰᠤᠳᠤᠯᠬᠤ ᠠᠵᠢᠯ ᠢ ᠵᠣᠬᠢᠶᠠᠨ ᠪᠠᠢᠭᠤᠯᠵᠤ  ᠲᠣᠬᠢᠷᠠᠭᠤᠯᠣᠨ᠎ᠠ᠃       ︵ᠶᠢᠰᠦ︶ ᠮᠣᠩᠭᠤᠯ ᠬᠡᠯᠡᠨ ᠪᠠᠷ ᠣᠷᠴᠢᠭᠤᠯᠬᠤ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ  ᠪᠠᠷ ᠣᠷᠴᠢᠭᠤᠯᠬᠤ ᠠᠵᠢᠯ ᠢ ᠬᠠᠷᠢᠭᠤᠴᠠᠨ᠎ᠠ᠃     ︵ᠠᠷᠪᠠ︶ ᠠᠵᠤ ᠠᠬᠤᠶ  ᠪᠠ ᠠᠮᠢ ᠠᠬᠤᠶ ᠶᠢᠨ ᠬᠦᠷᠢᠶᠡᠨ ᠤ ᠥᠭᠡᠷᠡᠴᠢᠯᠡᠯᠲᠡ  ᠪᠠ ᠪᠠᠶᠢᠴᠠᠭᠠᠨ ᠰᠤᠳᠤᠯᠤᠯᠲᠠ  ᠶᠢᠨ ᠠᠵᠢᠯ  ᠢ ᠬᠠᠷᠢᠭᠤᠴᠠᠨ᠎ᠠ᠃ ᠠᠵᠤ ᠠᠬᠤᠶ ᠪᠠ‌ᠠᠮᠢ ᠠᠬᠤᠶ ᠶᠢᠨ ᠬᠦᠷᠢᠶᠡᠨ  ᠤ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠪᠥᠬᠦ ᠬᠤᠲᠠ ᠶᠢᠨ ᠠᠵᠤ ᠠᠬᠤᠶ ᠪᠠ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠪᠠᠳᠠᠨ ᠪᠠᠶᠢᠴᠠᠭᠠᠯᠲᠠ  ᠬᠢᠨ᠎ᠡ  ᠃      ︵ᠠᠷᠪᠠᠨ ᠨᠢᠭᠡ︶ ᠠᠵᠢᠯ ᠤᠨ  ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ  ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃     ︵ᠠᠷᠪᠠᠨ ᠬᠤᠶᠠᠷ︶ ᠬᠤᠲᠠ ᠶᠢᠨ ᠵᠠᠰᠠᠭ ᠤᠨ ᠣᠷᠳᠣᠨ ᠤ  ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ ᠂ ᠬᠠᠮᠢᠶ᠎ᠠ ᠪᠥᠬᠦᠶ ᠤᠴᠢᠷ ᠶᠠᠪᠤᠳᠠᠯ ᠢ ᠬᠠᠮᠵᠢᠨ  ᠰᠢᠢᠳᠪᠦᠷᠢᠯᠡᠨ᠎ᠡ᠃     ︵ᠠᠷᠪᠠᠨ ᠭᠤᠷᠪᠠ︶ ᠨᠠᠮ ᠪᠣᠯᠤᠨ ᠤᠯᠤᠰ  ᠤᠨ ᠬᠤᠯᠪᠣᠭᠳᠠᠯ ᠪᠥᠬᠦᠢ ᠭᠠᠳᠠᠭᠠᠳᠤ ᠶᠠᠪᠤᠳᠠᠯ ‍ᠤᠨ‌ᠠᠵᠢᠯ  ᠤᠨ ᠴᠢᠭᠯᠡᠯᠲᠡ ᠪᠠ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠵᠠᠯᠠᠨ ᠠᠶᠢᠯ ᠬᠤᠳᠠ ᠶᠢᠨ ᠭᠠᠳᠠᠭᠠᠳᠤ ᠶᠠᠪᠤᠳᠠᠯ ‍ᠤᠨ‌ᠠᠵᠢᠯ ᠤᠨ ᠲᠥᠷᠢᠮ ᠪᠣᠯᠤᠨ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠪᠥᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠬᠡᠷᠡᠭ ᠶᠠᠪᠤᠳᠠᠯ ᠢ ᠰᠢᠢᠳᠪᠦᠷᠢᠯᠡᠬᠦ ᠪᠤᠶᠤ ᠬᠠᠮᠵᠢᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ ᠶᠣᠰᠣᠯᠠᠯ ᠤᠨ ᠴᠢᠨᠠᠷᠲᠠᠢ‌ᠠᠵᠢᠯ ᠢ ᠵᠢᠯᠣᠭᠤᠳᠤᠨ᠎ᠠ᠃  ᠲᠣᠭᠲᠠᠭᠠᠯ ᠶᠣᠰᠣᠭᠠᠷ ᠪᠦᠬᠦ ᠬᠤᠲᠠ ᠶᠢᠨ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠪᠦᠯᠬᠦᠮ ︵ᠳᠤᠭᠤᠶᠢᠯᠠᠩ︶ ᠢ ᠲᠣᠮᠢᠯᠠᠬᠤ ᠪᠠ ᠭᠠᠳᠠᠭᠠᠳᠤ ᠶᠢᠨ ᠬᠥᠮᠦᠨ ᠢ ᠤᠷᠢᠵᠤ ᠮᠠᠨ ᠤ ᠬᠤᠲᠠ ᠳᠤ ᠠᠶᠢᠯᠴᠢᠯᠠᠭᠤᠯᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠦᠨ᠎ᠡ᠃ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠤᠬᠠᠭᠤᠯᠭ᠎ᠠ ᠪᠠ ᠤᠯᠠᠨ ᠲᠦᠮᠡᠨᠴᠢ ᠴᠢᠨᠠᠷᠲᠠᠶ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠪᠦᠬᠦ ᠬᠤᠳᠠ ᠶᠢᠨ ᠭᠠᠳᠠᠭᠠᠳᠤ ᠳᠤ ᠬᠤᠯᠪᠣᠭᠳᠠᠬᠤ ᠴᠢᠬᠤᠯᠠ ᠡᠬᠡ ᠪᠢᠴᠢᠭ ᠢ ᠬᠠᠮᠵᠢᠯᠴᠠᠨ ᠬᠢᠨᠠᠨ  ᠬᠠᠷᠭᠤᠭᠤᠯᠣᠨ᠎ᠠ᠃      ︵ᠠᠷᠪᠠᠨ ᠳᠥᠷᠪᠡ︶ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠳᠤ ᠬᠢᠨᠠᠯᠲᠠ ᠲᠠᠯᠪᠢᠬᠤ᠂ ᠠᠯᠪᠠᠨ ᠶᠠᠪᠤᠳᠠᠯ ᠳᠤ ᠬᠡᠷᠡᠭᠯᠡᠬᠦ ᠬᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃     ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ᠄      ︵ᠨᠢᠭᠡ︶  ᠶᠡᠷᠦᠩᠬᠡᠶᠢᠯᠡᠭᠰᠡᠨ  ᠨᠢᠭᠡᠳᠦᠭᠡᠷ ᠲᠠᠰᠤᠭ᠄  ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠢᠴᠢᠭ ᠮᠠᠲ᠋ᠧᠷᠢᠶᠠᠯ᠂ ᠬᠤᠲᠠ ᠶᠢᠨ ᠵᠠᠰᠠᠭ ᠤᠨ ᠣᠷᠳᠣᠨ ᠤ ᠭᠤᠤᠯ  ᠣᠳᠣᠷᠢᠳᠣᠯᠭ᠎ᠠ ᠨᠠᠷ ᠤᠨ ᠡᠬᠡ ᠪᠢᠴᠢᠭ᠂ ᠪᠥᠬᠦ ᠬᠤᠲᠠ ᠶᠢᠨ ᠴᠢᠨᠠᠷᠲᠠᠶ ᠠᠵᠢᠯ ᠤᠨ ᠴᠢᠬᠤᠯᠠ ᠮᠠᠲ᠋ᠧᠷᠢᠶᠠᠯ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠵᠠᠰᠠᠭ  ᠤᠨ ᠣᠷᠳᠣᠨ ᠤ ᠠᠵᠢᠯ  ᠤᠨ ᠢᠯᠡᠳᠬᠡᠯ ᠢ ᠵᠣᠬᠢᠶᠠᠨ ᠪᠠᠶᠢᠭᠤᠯᠤᠨ  ᠲᠣᠭᠤᠷᠪᠢᠨ ᠪᠢᠴᠢᠨ᠎ᠡ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ  ᠶᠠᠪᠣᠳᠠᠯ  ᠢ ᠬᠠᠷᠢᠭᠤᠴᠠᠨ᠎ᠠ᠃ ᠬᠤᠲᠠ  ᠶᠢᠨ ᠵᠠᠰᠠᠭ ᠤᠨ ᠣᠷᠳᠣᠨ ᠤ ᠬᠤᠷᠠᠯ ᠤᠨ  ᠬᠢᠨᠠᠨ ᠵᠦᠪᠰᠢᠶᠡᠷᠡᠯ ᠵᠢᠴᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠭᠤᠣᠯ  ᠣᠳᠣᠷᠢᠳᠣᠯᠭ᠎ᠠ ᠨᠠᠷ ᠤᠨ ᠠᠯᠪᠠᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃      ︵ᠬᠤᠶᠠᠷ︶ ᠨᠠᠮ ᠤᠨ ᠠᠵᠢᠯ ᠤᠨ ᠠᠯᠪᠠᠨ ᠭᠡᠷ᠄  ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠬᠠᠷᠢᠶ᠎ᠠ ᠠᠵᠢᠯ  ᠦᠢᠯᠡᠰ  ᠨᠢᠭᠡᠴᠡ ᠶᠢᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ  ᠵᠡᠷᠭᠡ  ᠶᠢ ᠬᠠᠷᠢᠭᠤᠴᠠᠨ᠎ᠠ᠃      ︵ᠭᠤᠷᠪᠠ︶ ᠶᠡᠷᠦᠩᠬᠡᠶᠢᠯᠡᠭᠰᠡᠨ ᠬᠤᠶᠠᠳᠤᠭᠠᠷ ᠲᠠᠰᠤᠭ᠄   ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠶᠠᠪᠤᠳᠠᠯ ᠤᠨ ᠵᠣᠴᠢᠯᠠᠯᠭ᠎ᠠ ᠪᠠ ᠭᠠᠳᠠᠭᠠᠳᠤ ᠲᠠᠢ  ᠬᠠᠷᠢᠯᠴᠠᠬᠤ  ᠠᠵᠢᠯ ᠢ ᠬᠠᠷᠢᠭᠤᠴᠠᠨ᠎ᠠ᠃   ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ  ᠶᠢ ᠠᠷᠪᠢᠯᠠᠬᠤ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠠᠯᠪᠠᠨ ᠶᠠᠪᠤᠳᠠᠯ ᠳᠤ ᠬᠡᠷᠡᠭᠯᠡᠬᠦ ᠬᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ ᠵᠢᠯᠣᠭᠤᠳᠤᠨ᠎ᠠ᠃  ᠬᠤᠲᠠ ᠶᠢᠨ ᠵᠠᠰᠠᠭ ᠤᠨ ᠣᠷᠳᠣᠨ ᠵᠢᠴᠢ ᠠᠯᠪᠠᠨ ᠭᠡᠷ ᠤᠨ  ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ  ᠪᠠ ᠬᠤᠳᠠᠯᠳᠤᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ  ᠣᠳᠣᠷᠢᠳᠣᠯᠭ᠎ᠠ ᠨᠠᠷ ᠢ ᠬᠠᠪᠰᠤᠷᠤᠨ ᠠᠯᠪᠠᠨ ᠭᠡᠷ ᠤᠨ ᠠᠵᠢᠯ ᠢ  ᠬᠢᠨ᠎ᠡ᠃      ︵ᠲᠦᠷᠪᠡ︶ ᠨᠠᠷᠢᠨ ᠪᠢᠴᠢᠭᠡᠴᠢ ᠶᠢᠨ ᠠᠯᠪᠠᠨ ᠭᠡᠷ  ᠄ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ  ᠳᠠᠷᠤᠭ᠎ᠠ ᠶᠢᠨ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠬᠠᠷᠢᠯᠴᠠᠵᠤ᠂ ᠬᠠᠮᠢᠶ᠎ᠠ ᠪᠥᠬᠦᠶ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠠᠷᠤᠭ᠎ᠠ ᠶᠢᠨ ᠬᠡᠪᠴᠢᠶᠡᠨ ᠳᠣᠲᠣᠷᠠᠬᠢ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠴᠢᠨᠠᠷᠲᠠᠶ ᠠᠵᠢᠯ ᠤᠨ ᠬᠤᠷᠠᠯᠳᠤᠭᠠᠨ ᠤ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠪᠥᠬᠦ ᠣᠷᠣᠨ ᠤ ᠴᠢᠨᠠᠷᠲᠠᠶ᠂ ᠪᠥᠬᠦ ᠬᠤᠲᠠ ᠶᠢᠨ ᠴᠢᠨᠠᠷᠲᠠᠶ ᠲᠧᠯᠸᠢᠰ ᠳ᠋ᠢᠶᠠᠩᠬᠤᠸᠠ ᠬᠤᠷᠠᠯ ᠤᠨ ᠵᠠᠯᠠᠨ ᠠᠶᠢᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠬᠢᠭᠰᠡᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠲᠠᠢ ᠬᠠᠷᠢᠯᠴᠠᠵᠤ᠂ ᠰᠣᠨᠢᠨ ᠮᠡᠳᠡᠭᠡᠨ ᠤ ᠨᠢᠭᠡᠴᠡ ᠲᠠᠢ ᠵᠣᠬᠢᠴᠠᠭᠤᠯᠤᠨ ᠬᠠᠷᠢᠯᠴᠠᠵᠤ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠤᠲᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ  ᠤᠨ ᠴᠢᠬᠤᠯᠠ ᠵᠠᠰᠠᠭ ᠤᠨ ᠶᠠᠪᠣᠳᠠᠯ ᠤᠨ ᠠᠵᠢᠯᠯᠠᠭ᠎ᠠ  ᠮᠡᠳᠡᠭᠦᠯᠦᠨ ᠨᠡᠶᠢᠲᠡᠯᠡᠨ᠎ᠡ᠃        ︵ᠲᠠᠪᠤ︶ ᠴᠠᠬᠢᠯᠭᠠᠨ ᠮᠡᠳᠡᠭᠡᠨ ᠤ ᠲᠠᠰᠤᠭ  ᠄  ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ  ᠬᠦᠯᠢᠶᠡᠨ ᠠᠪᠬᠤ ᠪᠠ ᠲᠠᠷᠬᠠᠭᠠᠬᠤ  ᠂ ᠪᠢᠴᠢᠭ ᠮᠠᠲ᠋ᠧᠷᠢᠶᠠᠯ ᠢ ᠬᠠᠷᠭᠤᠭᠤᠯᠤᠨ ᠵᠠᠰᠠᠬᠤ᠂ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠮᠡᠳᠡᠭᠡ ᠬᠤᠯᠪᠣᠭ᠎ᠠ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ  ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠬᠤᠳᠠ ᠶᠢᠨ  ᠱᠠᠲᠤᠨ  ᠤ ᠵᠠᠰᠠᠭ ᠵᠠᠬᠢᠷᠭᠠᠨ  ᠤ ᠪᠠᠶᠢᠭᠤᠯᠤᠯᠭ᠎ᠠ᠂ ᠠᠵᠢᠯ ᠦᠢᠯᠡᠰ ᠨᠢᠭᠡᠴᠡ ᠪᠣᠯᠤᠨ ᠬᠤᠳᠠ ᠶᠢᠨ ᠬᠠᠷᠢᠶ᠎ᠠ ᠪᠥᠬᠦᠢ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠲᠠᠮᠠᠭ᠎ᠠ ᠶᠢ ᠦᠢᠯᠡᠳᠦᠨ ᠲᠠᠷᠬᠠᠭᠠᠬᠤ᠂ ᠬᠠᠮᠢᠶᠠᠷᠬᠤ ᠪᠠ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠠᠮᠠᠭ᠎ᠠ ᠪᠠ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ  ᠭᠡᠷ ᠤᠨ ᠲᠠᠮᠠᠭ᠎ᠠ  ᠶᠢᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ ︽ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠨᠠᠶᠢᠷᠠᠭᠤᠯᠬᠤ᠂ ᠬᠢᠨᠠᠨ ᠲᠣᠭᠲᠠᠭᠠᠬᠤ ᠪᠠ ᠲᠠᠷᠬᠠᠭᠠᠬᠤ ᠠᠵᠢᠯ ᠢ ᠬᠠᠷᠢᠭᠤᠴᠠᠨ᠎ᠠ᠃ ᠬᠤᠲᠠ ᠵᠢᠨ‌ᠵᠠᠰᠠᠭ  ᠤᠨ ᠣᠷᠳᠣᠨ  ᠤ ᠠᠯᠪᠠᠨ ᠭᠡᠷ  ᠤᠨ ᠵᠠᠰᠠᠭ  ᠤᠨ ᠶᠠᠪᠤᠳᠠᠯ  ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠬᠠᠤᠯᠢ  ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠠᠰᠤᠭ  ᠄ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠵᠠᠰᠠᠭ  ᠤᠨ ᠣᠷᠳᠣᠨ  ᠤ ᠠᠯᠪᠠᠨ ᠭᠡᠷ ᠤᠨ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠲᠤ ᠬᠠᠤᠯᠢ  ᠶᠣᠰᠣᠴᠢ ᠴᠢᠨᠠᠷᠲᠠᠶ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ  ᠪᠤᠳᠤᠯᠭ᠎ᠠ ᠳᠤ ᠬᠠᠤᠯᠢ  ᠶᠣᠰᠣᠴᠢ ᠴᠢᠨᠠᠷᠲᠠᠶ ᠬᠢᠨᠠᠨ ᠪᠠᠶᠢᠴᠠᠭᠠᠯᠲᠠ ᠬᠢᠬᠦ  ᠶᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠠᠭᠰᠠᠨ ᠭᠡᠷ᠎ᠡ᠂ ᠬᠡᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ ᠬᠠᠷᠭᠤᠭᠤᠯᠬᠤ ᠠᠵᠢᠯ ᠢ ᠭᠦᠢᠴᠡᠳᠬᠡᠨ᠎ᠡ᠃ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠠ ᠲᠤᠰᠬᠠᠶ ᠮᠡᠷᠭᠡᠵᠢᠯᠲᠡᠨ ᠤ ᠬᠥᠮᠥᠷᠭᠡ ᠶᠢᠨ  ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃  ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠤᠯᠢ ᠲᠦᠷᠢᠮ ᠤᠨ ᠬᠠᠮᠢᠶ᠎ᠠ ᠪᠥᠬᠦᠶ  ᠠᠵᠢᠯ ᠢ ᠬᠠᠷᠢᠭᠤᠴᠠᠨ᠎ᠠ᠃      ︵ᠳᠣᠯᠤᠭ᠎ᠠ︶ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠄   ᠬᠤᠲᠠ ᠶᠢᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠠᠴᠠ ᠲᠣᠭᠲᠠᠭᠠᠭᠰᠠᠨ  ᠵᠦᠢᠯᠡᠰ  ᠵᠢᠴᠢ ᠬᠤᠲᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ  ᠤᠨ ᠬᠤᠯᠪᠣᠭᠳᠠᠯ ᠪᠥᠬᠦᠶ ᠴᠣᠬᠤᠯᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠨᠠᠷ ᠲᠤ ᠮᠡᠳᠡᠭᠦᠯᠦᠨ᠎ᠡ᠃ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠨ ᠥᠷᠨᠢᠭᠦᠯᠦᠭᠰᠡᠨ ᠰᠢᠮᠳᠠᠭᠤᠯᠤᠨ ᠪᠠᠶᠢᠴᠠᠭᠠᠬᠤ ᠠᠵᠢᠯ ᠢ ᠳᠠᠭᠠᠭᠠᠨ  ᠭᠦᠢᠴᠡᠳᠭᠡᠨ᠎ᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠬᠤᠯᠪᠣᠭᠳᠠᠯ ᠪᠥᠬᠦᠶ ᠲᠠᠰᠤᠭ ᠤᠨ ᠪᠠᠶᠢᠩᠭᠤ ᠶᠢᠨ ᠴᠢᠨᠠᠷᠲᠠᠶ ᠰᠢᠮᠳᠠᠭᠤᠯᠤᠨ ᠪᠠᠶᠢᠴᠠᠭᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ᠂ ᠬᠤᠲᠠ ᠶᠢᠨ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ  ᠰᠢᠢᠳᠪᠦᠷᠢᠯᠡᠭᠦᠯᠵᠦ᠂ ᠰᠢᠪᠠᠳᠠᠨ ᠰᠢᠢᠳᠪᠦᠷᠢᠯᠡᠭᠦᠯᠵᠦ  ᠂ ᠬᠠᠷᠢᠭᠤ  ᠳᠣᠰᠬᠠᠯᠲᠠ ᠬᠢᠨ᠎ᠡ᠃        ︵ ᠨᠠᠶᠢᠮᠠ︶ ᠮᠡᠳᠡᠭᠡ ᠵᠠᠩᠭᠢ ᠪᠠᠶᠢᠴᠠᠭᠠᠨ ᠰᠤᠳᠤᠯᠬᠤ  ᠲᠠᠰᠤᠭ᠄  ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠨᠡᠭᠡᠭᠡᠯᠲᠡ ᠶᠢᠨ ᠳᠤᠮᠳᠠᠬᠢ ᠴᠢᠬᠤᠯᠠ ᠰᠡᠳᠦᠪ ᠲᠤ ᠪᠠᠶᠢᠴᠠᠭᠠᠨ ᠰᠤᠳᠤᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠠᠨᠠᠭᠤᠯᠭ᠎ᠠ  ᠳᠣᠷᠠᠳᠣᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ  ᠵᠢᠯᠣᠭᠤᠳᠴᠣ᠂ ᠲᠥᠯᠥᠪᠯᠡᠭᠡ ᠲᠣᠭᠲᠠᠭᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠬᠢᠨᠠᠨ ᠰᠢᠯᠭᠠᠬᠤ ᠠᠵᠢᠯ ᠢ ᠵᠣᠬᠢᠶᠠᠨ  ᠪᠠᠶᠢᠭᠤᠯᠵᠣ ᠥᠷᠨᠢᠭᠦᠯᠦᠨ᠎ᠡ᠃ ᠬᠤᠳᠠ ᠶᠢᠨ ᠵᠠᠰᠠᠭ ᠤᠨ ᠣᠷᠳᠣᠨ ᠬᠢᠭᠡᠳ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ  ᠮᠠᠲ᠋ᠧᠷᠢᠶᠠᠯ  ᠤᠨ ᠮᠣᠩᠭᠤᠯ  ᠬᠡᠯᠡ ᠪᠠᠷ  ᠣᠷᠴᠢᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠰᠦᠯᠵᠢᠶᠡᠨ ᠤ ᠲᠠᠪᠴᠠᠩ ᠪᠠ ᠠᠯᠪᠠᠯᠠᠬᠤ ᠦᠵᠦᠭᠦᠷ ᠤᠨ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ᠃       ︵ᠶᠢᠰᠦ︶ ᠥᠭᠡᠷᠡᠴᠢᠯᠡᠯᠲᠡ  ᠵᠣᠬᠢᠴᠠᠭᠤᠯᠣᠯᠲᠠ ᠶᠢᠨ ᠲᠠᠰᠤᠭ᠄  ᠪᠥᠬᠦ ᠬᠤᠲᠠ ᠶᠢᠨ ᠠᠵᠤ ᠠᠬᠤᠶ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠤᠨ ᠪᠠᠶᠢᠴᠠᠭᠠᠨ ᠰᠤᠳᠤᠯᠤᠯᠲᠠ᠂ ᠦᠨᠡᠯᠡᠨ ᠵᠢᠱᠢᠯᠲᠡ ᠪᠠ ᠰᠢᠪᠠᠳᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠵᠢᠴᠢ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠵᠢᠴᠢ ᠬᠤᠲᠠ ᠶᠢᠨ ᠠᠵᠤ ᠠᠬᠤᠶ ᠠᠮᠢ ᠠᠬᠤᠶ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠲᠣᠭᠲᠠᠭᠠᠭᠰᠠᠨ ᠵᠦᠢᠯᠡᠰ ᠪᠠ ᠠᠵᠢᠯ ᠤᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠦᠷ᠎ᠡ ᠪᠦᠲᠦᠭᠡᠯ ᠢ ᠮᠠᠭᠠᠳᠯᠠᠨ ᠲᠣᠭᠲᠠᠭᠠᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠠᠵᠤ ᠠᠬᠤᠶ  ᠠᠮᠢ ᠠᠬᠤᠶ ᠶᠢᠨ ᠥᠭᠡᠷᠡᠴᠢᠯᠡᠯᠲᠡ ᠶᠢᠨ ᠲᠤᠰᠬᠠᠶ ᠵᠦᠢᠯᠡᠰ ᠤᠨ ᠳᠤᠭᠤᠶᠢᠯᠠᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠬᠡᠷ  ᠲᠠᠢ  ᠬᠠᠷᠢᠯᠴᠠᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠮᠠᠲ᠋ᠧᠷᠢᠶᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃       ︵ᠠᠷᠪᠠ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ  ᠲᠠᠰᠤᠭ᠄ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠣᠯᠤᠨ ᠬᠤᠳᠠ ᠶᠢᠨ ᠵᠠᠰᠠᠭ  ᠤᠨ ᠣᠷᠳᠣᠨ ᠤ  ᠰᠠᠯᠠᠭ᠎ᠠ ᠮᠥᠴᠢᠷ ‍ᠤᠨ‌ᠠᠵᠢᠯ ᠤᠨ  ᠦᠷ᠎ᠡ ᠪᠦᠲᠦᠮᠵᠢ ᠶᠢ ᠬᠢᠨᠠᠨ ᠰᠢᠯᠭᠠᠬᠤ  ᠭᠦᠢᠴᠡᠳᠭᠡᠯ ᠲᠤᠭ᠎ᠠ ᠶᠢ ᠲᠣᠭᠲᠠᠭᠠᠬᠤ᠂ ᠵᠠᠳᠠᠯᠬᠤ᠂ ᠬᠢᠨᠠᠨ ᠡᠵᠡᠮᠳᠡᠬᠦ᠂ ᠦᠨᠡᠯᠡᠬᠦ ᠵᠡᠷᠭᠡ ᠠᠵᠢᠯ  ᠢ ᠬᠠᠷᠢᠭᠤᠴᠠᠨ᠎ᠠ᠃ ᠰᠢᠯᠭᠠᠨ ᠬᠢᠨᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠰᠢᠯᠭᠠᠨ ᠦᠨᠡᠯᠡᠭᠰᠡᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ  ᠨᠠᠶᠢᠷᠠᠭᠤᠯᠣᠨ ᠪᠢᠴᠢᠵᠦ᠂ ᠬᠤᠲᠠ ᠶᠢᠨ  ᠣᠳᠣᠷᠢᠳᠣᠯᠭ᠎ᠠ ᠨᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠎ᠠ᠃      ᠬᠠᠶ᠋ᠢᠭ᠄ ᠵᠠᠯᠠᠨ ᠠᠶᠢᠯ ᠬᠤᠲᠠ ᠶᠢᠨ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ     ᠰᠢᠦᠳᠠᠨ ᠳ᠋ᠤᠭᠠᠷ᠄ 162650      ᠰᠦᠯᠵᠢᠶᠡᠨ ᠤ ᠬᠠᠶ᠋ᠢᠭ  :http://www.zhalantun.gov.cn/      ᠠᠵᠢᠯᠯᠠᠬᠤ ᠤᠲᠠᠰᠤ᠄ 0470 — 3205392       ᠠᠵᠢᠯᠯᠠᠬᠤ ᠴᠠᠭ᠄ 9᠄00-12᠄00      14᠄00-17᠄00 ︵ᠠᠮᠠᠷᠠᠯᠲᠠ ᠶᠢᠨ ᠡᠳᠦᠷ  ᠢ ᠪᠠᠭᠲᠠᠭᠠᠬᠤ ᠦᠭᠡᠢ  ︶    ᠬᠠᠷᠢᠭᠤᠴᠠᠯᠭᠠᠲᠠᠨ᠄  ᠷᠧᠨ  ᠰᠢ ᠴᠢᠩ     ᠭᠤᠷᠪᠠ᠂ ᠬᠠᠷᠢᠶ᠎ᠠ ᠨᠢᠭᠡᠴᠢ       ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ  ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ  ᠰᠠᠯᠠᠭᠠᠨ ᠤ ᠲᠠᠰ  ᠪᠣᠯᠣᠨ᠎ᠠ᠃     ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠶᠡᠷᠦᠩᠬᠡᠶᠢᠯᠡᠭᠰᠡᠨ  ᠦᠢᠯᠡᠴᠢᠯᠡᠭᠡ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃     ︵ᠬᠤᠶᠠᠷ︶ ᠬᠥᠯᠥᠨ ᠪᠤᠶᠢᠷ ᠬᠤᠲᠠ ᠶᠢᠨ  ᠵᠠᠯᠠᠨ ᠠᠶᠢᠯ  ᠬᠤᠲᠠ ᠵᠢᠨ‌ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠠᠭᠤᠯᠭ᠎ᠠ ᠶᠢᠨ ᠬᠠᠮᠢᠶᠠᠷᠤᠯᠲᠠ᠂ ᠬᠠᠮᠠᠭᠠᠯᠠᠯᠲᠠ ᠵᠢᠴᠢ ᠨᠢᠭᠤᠴᠠ ᠴᠢᠬᠤᠯᠠ ᠵᠠᠮ ᠬᠠᠷᠢᠯᠴᠠᠭᠠᠨ ᠤ ᠬᠠᠮᠢᠶᠠᠷᠤᠯᠲᠠ᠂ ᠬᠤᠲᠠ ᠶᠢᠨ ᠵᠠᠰᠠᠭ ᠤᠨ ᠣᠷᠳᠣᠨ ᠤ  ᠣᠳᠣᠷᠢᠳᠣᠯᠭ᠎ᠠ ᠨᠠᠷ  ᠤᠨ ᠡᠯᠧᠺᠲᠷᠣᠨ ᠵᠠᠰᠠᠭ ᠤᠨ ᠶᠠᠪᠤᠳᠠᠯ ᠤᠨ ᠮᠡᠷᠭᠡᠵᠢᠯ ᠤᠨ ᠳᠡᠮᠵᠢᠯᠭᠡ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃      ︵ᠭᠤᠷᠪᠠ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃       ᠬᠠᠶ᠋ᠢᠭ᠄ ᠵᠠᠯᠠᠨ ᠠᠶᠢᠯ ᠬᠤᠲᠠ ᠶᠢᠨ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠨᠢᠭᠡᠳᠦᠭᠡᠷ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ      ᠰᠢᠦᠳᠠᠨ ᠳ᠋ᠤᠭᠠᠷ᠄ 162650     ᠠᠵᠢᠯᠯᠠᠬᠤ ᠤᠲᠠᠰᠤ᠄ 0470 — 3205392     ᠠᠵᠢᠯᠯᠠᠬᠤ ᠴᠠᠭ᠄ 9᠄00-12᠄00      14᠄00-17᠄00 ︵ᠠᠮᠠᠷᠠᠯᠲᠠ ᠶᠢᠨ ᠡᠳᠦᠷ  ᠢ ᠪᠠᠭᠲᠠᠭᠠᠬᠤ ᠦᠭᠡᠢ  ︶    ᠬᠠᠷᠢᠭᠤᠴᠠᠯᠭᠠᠲᠠᠨ᠄  ᠷᠧᠨ  ᠰᠢ ᠴᠢᠩ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ