ᠴᠠᠢ ᠾᠧ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡᠨ ᠤ  ᠬᠠᠷᠠᠭᠤᠯ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠪᠠ
ᠨᠡᠶᠢᠲᠡᠯᠡᠭᠰᠡᠨ ᠴᠠᠭ᠄
2021/8/10
      ᠬᠢᠵᠢᠭ ᠤᠨ ᠲᠠᠷᠬᠠᠯᠲᠠ ᠶᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠠᠮᠢ  ᠨᠠᠰᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 6      ᠤ ᠡᠳᠦᠷ ᠠᠴᠠ ᠡᠬᠢᠯᠡᠨ᠂ ᠴᠠᠢ ᠾᠧ ᠪᠠᠯᠭᠠᠰᠤᠨ ᠤ ᠬᠢᠨ ᠪᠠᠯᠭᠠᠰᠤᠨ ᠤ ᠡᠯ᠎ᠡ ᠣᠷᠣᠵᠤ ᠭᠠᠷᠬᠤ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠪᠠᠶᠢᠭᠤᠯᠵᠤ᠂ ᠴᠠᠢ ᠾᠧ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃       ᠨᠢᠭᠡ ᠳᠤ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ 8 ᠰᠠᠷ᠎ᠠ ᠶᠢᠨ 5     ᠤ ᠡᠳᠦᠷ ᠠᠴᠠ ᠡᠬᠢᠯᠡᠨ᠂ ᠴᠠᠢ ᠡᡁᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ ᠦᠳᠲᠡᠷ ᠲᠦᠷᠭᠡᠨ ᠲᠤᠰᠬᠠᠯ ᠭᠠᠷᠭᠠᠵᠤ᠂ ᠲᠤᠰ ᠪᠠᠯᠭᠠᠰᠤᠨ ᠤ ᠪᠣᠳᠠᠲᠠᠢ ᠪᠠᠶᠢᠳᠠᠯ ᠢ ᠦᠨᠳᠦᠰᠦᠯᠡᠨ ᠴᠠᠢ ᠡᡁᠧ ᠤᠢ ᠰᠢᠭᠤᠢ ᠶᠢᠨ  ᠲᠣᠪᠴᠢᠶ᠎ᠠ ᠲᠠᠢ ᠤᠯᠤᠯᠴᠠᠨ ᠵᠥᠪᠳᠡᠯᠴᠡᠭᠰᠡᠨ ᠤ ᠲᠠᠷᠠᠭ᠎ᠠ᠂ 37 ᠭᠠᠳᠠᠭᠠᠳᠤ ᠦᠷᠳᠡᠭᠡ᠂ ᠰᠢᠨ ᠶᠤᠸᠠᠢ ᠹᠧᠩ᠂ ᠬᠦᠷᠢ᠂ ᠬᠠᠪᠴᠢ ᠵᠡᠷᠭᠡ ᠲᠦᠷᠪᠡᠨ ᠬᠠᠷᠠᠭᠠᠯᠵᠠᠭᠰᠠᠨ ᠪᠠᠶᠢᠴᠠᠭᠠᠬᠤ ᠴᠡᠭ ᠢ ᠬᠠᠮᠲᠤᠷᠠᠨ ᠲᠤᠬᠢᠷᠠᠭᠤᠯᠵᠠᠢ᠃ ᠪᠠᠶᠢᠭᠤᠯᠤᠯᠭ᠎ᠠ᠂ ᠤᠢ ᠰᠢᠭᠤᠢ ᠶᠢᠨ  ᠲᠣᠪᠴᠢᠶ᠎ᠠ᠂ ᠡᠷᠡᠭᠦᠯ ᠬᠠᠮᠠᠭᠠᠯᠠᠯ ᠤᠨ  ᠬᠤᠷᠢᠶ᠎ᠠ᠂ ᠲᠣᠮᠢᠯᠠᠭᠰᠠᠨ ᠰᠠᠯᠪᠤᠷᠢ᠂ ᠦᠵᠡᠮᠵᠢ ᠶᠢᠨ ᠣᠷᠣᠨ ᠤ ᠬᠠᠤᠯᠢ ᠬᠡᠷᠡᠭᠵᠢᠭᠦᠯᠬᠦ  ᠲᠤᠪᠴᠢᠶ᠎ᠠ ᠵᠡᠷᠭᠡ 20 ᠭᠠᠷᠤᠢ ᠠᠵᠢᠯᠳᠠᠨ ᠢ ᠲᠠᠲᠠᠵᠤ᠂ 24 ᠴᠠᠭ ᠢᠶᠠᠷ ᠡᠭᠡᠯᠵᠢᠯᠡᠨ ᠵᠢᠵᠢᠭᠦᠷᠯᠡᠵᠦ᠂ ᠪᠠᠯᠭᠠᠰᠤᠨ  ᠳᠤ ᠣᠷᠣᠵᠤ ᠭᠠᠷᠬᠤ ᠲᠡᠷᠭᠡ ᠬᠥᠰᠬᠡ ᠶᠢ ᠳᠠᠩᠰᠠᠯᠠᠬᠤ ᠵᠢᠴᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠪᠡ᠃      ᠬᠤᠶᠠᠷ ᠲᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ᠎ᠠ᠃   ᠪᠠᠯᠭᠠᠰᠣ ᠪᠠ ᠡᠷᠭᠢᠨ ᠲᠣᠭᠤᠷᠢᠨ ᠤ ᠬᠤᠰᠢᠭᠤ ᠬᠤᠲᠠ ᠲᠠᠢ  ᠵᠠᠬ᠎ᠠ  ᠨᠡᠶᠢᠯᠡᠨ᠂ ᠲᠡᠷᠭᠡᠨ ᠤ ᠤᠷᠤᠰᠬᠠᠯ᠂ ᠬᠥᠮᠦᠨ ᠤ ᠤᠷᠤᠰᠬᠠᠯ ᠬᠠᠷᠢᠴᠠᠩᠭᠤᠶ ᠪᠠᠷ ᠨᠡᠯᠢᠶᠡᠳ ᠣᠯᠠᠨ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠲᠣᠰ ᠪᠠᠯᠭᠠᠰᠤᠨ ᠤ ᠬᠢᠨ ᠵᠢᠷᠤᠮᠵᠢᠭᠰᠠᠨ ᠳᠡᠩᠰᠡᠯᠡᠯᠲᠡ ᠶᠢᠨ ᠬᠦᠰᠦᠨᠦᠭᠲᠦ ᠶᠢ ᠰᠢᠨ᠎ᠡ ᠪᠠᠷ ᠲᠣᠭᠲᠠᠭᠠᠵᠤ᠂ ᠠᠭᠤᠯᠭ᠎ᠠ ᠳᠤᠨᠢ ᠢᠷᠡᠵᠦ ᠶᠠᠪᠤᠬᠤ ᠬᠥᠮᠦᠰ ᠤᠨ ᠣᠪᠣᠭ ᠨᠡᠷ᠎ᠡ᠂ ᠳ᠋ᠢᠶᠠᠩᠬᠤᠸᠠ᠂ ᠲᠡᠷᠭᠡᠨ ᠤ ᠮᠡᠳᠡᠭᠡ ᠵᠠᠩᠭᠢ ᠵᠢᠴᠢ ᠠᠶᠠᠯᠠᠯ ᠤᠨ ᠮᠡᠳᠡᠭᠡ ᠵᠠᠩᠭᠢ ᠵᠡᠷᠭᠡ ᠣᠯᠠᠨ ᠲᠠᠯ᠎ᠠ ᠶᠢ ᠬᠠᠮᠤᠷᠴᠤ᠂  ᠪᠠᠯᠭᠠᠰᠣ ᠪᠠᠷ  ᠣᠷᠣᠵᠤ ᠭᠠᠷᠬᠤ ᠬᠥᠮᠦᠰ ᠵᠢᠴᠢ ᠲᠡᠷᠭᠡᠨ ᠤ ᠮᠡᠳᠡᠭᠡ ᠵᠠᠩᠭᠢ ᠶᠢ ᠨᠠᠷᠢᠨ ᠨᠢᠮᠪᠠᠶ ᠠᠰᠠᠭᠤᠨ ᠯᠠᠪᠯᠠᠵᠤ ᠳᠡᠩᠰᠡᠯᠡᠨ ᠲᠡᠮᠳᠡᠭᠯᠡᠵᠦ᠂ ᠢᠷᠡᠵᠦ ᠶᠠᠪᠤᠬᠤ ᠬᠥᠮᠦᠰ ᠤᠨ ᠬᠤᠪᠢ ᠬᠥᠮᠦᠨ ᠤ ᠮᠡᠳᠡᠭᠡ ᠵᠠᠩᠭᠢ ᠲᠣᠳᠣᠷᠬᠠᠶ᠂ ᠠᠶᠠᠯᠠᠯ ᠤᠨ ᠮᠡᠳᠡᠭᠡ ᠵᠠᠩᠭᠢ ᠲᠣᠳᠣᠷᠬᠠᠶ᠂ ᠨᠡᠬᠡᠮᠵᠢᠯᠡᠵᠦ ᠪᠣᠯᠬᠤ᠂ ᠭᠡᠳᠡᠷᠭᠦ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠨᠠᠭᠠᠰᠢ ᠴᠠᠭᠠᠰᠢ ᠶᠠᠪᠤᠬᠤ ᠬᠥᠮᠦᠰ ᠤᠨ ᠠᠶᠠᠯᠠᠯ ᠤᠨ ᠺᠣᠳ᠋ ᠵᠢᠴᠢ ᠡᠷᠡᠭᠦᠯ ᠮᠡᠨᠳᠦ ᠶᠢᠨ ᠺᠣᠳ᠋ ᠤᠨ ᠮᠡᠳᠡᠭᠡ ᠵᠠᠩᠭᠢ ᠶᠢ ᠨᠠᠷᠢᠨ ᠨᠢᠮᠪᠠᠶ ᠪᠠᠶᠢᠴᠠᠭᠠᠵᠤ᠂ ᠳᠤᠮᠳᠠ ᠶᠡᠭᠡ ᠠᠶᠤᠯ  ᠲᠦᠭᠰᠢᠭᠦᠷᠢᠲᠡᠢ ᠭᠠᠵᠠᠷ ᠣᠷᠣᠨ ᠤ ᠲᠣᠰ ᠪᠠᠯᠭᠠᠰᠤᠨ ᠳᠤ ᠢᠷᠡᠭᠰᠡᠨ ᠢ ᠢᠯᠡᠷᠡᠭᠦᠯᠦᠭᠰᠡᠨ ᠪᠥᠭᠡᠳ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠪᠠᠶᠢᠬᠤ ᠥᠬᠡᠶ ᠬᠥᠮᠦᠰ ᠢ ᠴᠠᠭ ᠲᠤᠬᠠᠶ ᠳᠤᠨᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠡᠯ᠎ᠡ ᠪᠠᠶᠢᠴᠠᠭᠠᠬᠤ ᠥᠷᠲᠡᠭᠡ ᠳᠤ ᠵᠠᠮ ᠤᠨ ᠫᠠᠶᠢᠰᠠ᠂ ᠵᠠᠮ ᠤᠨ ᠵᠤᠷᠪᠤᠰ ᠭᠠᠷᠭᠠᠵᠤ᠂ ᠨᠠᠰᠢ ᠴᠠᠰᠢ ᠵᠣᠷᠴᠢᠬᠤ ᠲᠡᠷᠭᠡ ᠵᠢᠴᠢ ᠬᠥᠮᠦᠰ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠶᠢ ᠰᠠᠨᠠᠭᠤᠯᠵᠤ᠂ ᠣᠷᠣᠨ ᠪᠦᠰᠡ ᠪᠠᠷ ᠥᠩᠭᠡᠷᠡᠬᠦ ᠲᠡᠷᠭᠡ ᠬᠥᠰᠬᠡ ᠶᠢ ᠴᠠᠭ ᠲᠤᠬᠠᠶ ᠳᠤᠨᠢ ᠬᠢᠯᠢ ᠠᠴᠠ ᠭᠠᠷᠭᠠᠬᠤ ᠶᠢ ᠵᠦᠶ ᠵᠣᠬᠢᠰᠲᠠᠶ ᠬᠥᠲᠥᠯᠦᠨ ᠵᠢᠯᠣᠭᠤᠳᠤᠨ᠎ᠠ  ᠃     ᠭᠤᠷᠪᠠ ᠳᠤ ᠴᠢᠩᠭ᠎ᠠ ᠵᠠᠬᠢᠷᠤᠨ ᠬᠠᠮᠢᠶᠠᠷᠴᠤ ᠰᠡᠷᠭᠡᠶᠢᠯᠡᠨ ᠡᠵᠡᠮᠳᠡᠨ᠎ᠡ᠃ ᠴᠠᠢ ᠾᠧ ᠪᠠᠯᠭᠠᠰᠤ ᠶᠢᠨ ᠬᠢᠨ ᠵᠠᠯᠠᠨ ᠠᠶᠢᠯ ᠬᠤᠳᠠ ᠶᠢᠨ ᠪᠠᠭᠤᠯᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢᠨ ᠪᠢᠴᠢᠭ ᠮᠠᠲ᠋ᠧᠷᠢᠶᠠᠯ ᠪᠣᠯᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢᠨ ᠲᠣᠭᠤᠷᠢᠨ ᠳᠤ᠂ ᠴᠢᠩᠭ᠎ᠠ ᠬᠠᠮᠢᠶᠠᠷᠤᠨ ᠡᠵᠡᠮᠳᠡᠵᠦ᠂ ᠪᠠᠶᠢᠴᠠᠭᠠᠬᠤ ᠦᠷᠳᠡᠭᠡ ᠶᠢᠨ ᠬᠠᠷᠠᠭᠤᠯ ᠤᠨ ᠦᠢᠯᠡᠳᠦᠯ ᠢ ᠪᠠᠳᠠᠷᠠᠭᠤᠯᠵᠤ᠂ ᠬᠢᠵᠢᠭ ᠢ ᠣᠷᠣᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠣᠲᠣ ᠪᠣᠯᠲᠠᠯ᠎ᠠ᠂ ᠡᠯ᠎ᠡ ᠪᠠᠶᠢᠴᠠᠭᠠᠬᠤ ᠴᠡᠭ ᠤᠨ ᠬᠢᠨ ᠪᠠᠯᠭᠠᠰᠤᠨ  ᠢᠶᠠᠷ ᠣᠷᠣᠵᠤ ᠭᠠᠷᠬᠤ 763 ᠬᠥᠮᠦᠨ᠂ 586 ᠮᠠᠰᠢᠨ ᠲᠡᠷᠭᠡ ᠶᠢ ᠳᠡᠩᠰᠡᠯᠡᠵᠦ ᠵᠢᠭᠰᠠᠭᠠᠨ ᠪᠠᠶᠢᠴᠠᠭᠠᠵᠤ ᠪᠣᠶ  ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号