ᠳᠠᠭᠤᠷ ᠦᠨᠳᠦᠰᠦᠲᠡᠨ ᠤ ᠰᠢᠶᠠᠩ ᠲᠣᠰᠬᠤᠨ ᠤ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯ ᠤᠨ ᠲᠤᠬᠢᠷᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/13
      ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠤᠪᠢᠰᠬᠠᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 8 ᠰᠠᠷ᠎ᠠ ᠶᠢᠨ 10      ᠤ ᠡᠳᠦᠷ᠂ ᠳᠠᠭᠤᠷ ᠦᠨᠳᠦᠰᠦᠲᠡᠨ ᠤ ᠰᠢᠶᠠᠩ ᠲᠣᠰᠬᠤᠨ ᠤ ᠳᠡᠰ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯ ᠤᠨ ᠲᠤᠬᠢᠷᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠺᠠᠶ ᠨᠠᠨ ᠡᠷᠭᠢᠯᠡᠵᠦ᠂ ᠰᠢᠶᠠᠩ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠵᠢᠴᠢ 7 ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠥᠳᠡᠭᠡ ᠲᠣᠰᠬᠤᠨ ᠤ ᠬᠤᠶᠠᠷ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠳ ᠳᠡᠭᠡᠳᠦ ᠱᠠᠲᠤᠨ ᠤ ᠬᠠᠮᠤᠭ ᠤᠨ ᠰᠢᠨ᠎ᠡ ᠡᠷᠬᠡᠲᠦ ᠶᠠᠪᠣᠳᠠᠯ ᠤᠨ ᠲᠣᠳᠣᠷᠬᠠᠢ ᠬᠠᠭᠤᠳᠠᠰᠣ ᠶᠣᠰᠣᠭᠠᠷ᠂ ᠲᠣᠰᠬᠤᠨ ᠤ ᠳᠡᠰ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢ ᠬᠠᠮᠲᠤᠪᠠᠷ ᠡᠮᠬᠢᠯᠡᠨ ᠬᠠᠷᠭᠤᠭᠤᠯᠵᠤ᠂ ᠰᠢᠶᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠲᠣᠰᠬᠤᠨ ᠤ ᠳᠡᠰ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠷᠢᠨ ᠨᠢᠮᠪᠠᠢ ᠲᠠᠶᠢᠯᠣᠮᠵᠢ ᠬᠢᠵᠦ ᠦᠭᠴᠡᠢ᠃ ᠡᠭᠦᠨ ᠳᠤ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠨᠠᠮ ᠤᠨ  ᠰᠦᠢᠳᠭᠡᠯ ᠢ ᠬᠤᠷᠢᠶᠠᠬᠤ᠂ ᠨᠠᠮ ᠤᠨ ᠭᠡᠰᠢᠭᠦᠨ ᠡᠯᠰᠡᠬᠦ ᠵᠡᠷᠭᠡ 35  ᠵᠦᠢᠯ ᠤᠨ ᠲᠣᠰᠬᠤᠨ ᠤ ᠲᠠᠰ ᠤᠨ  ᠦᠢᠯᠡᠴᠢᠯᠡᠭᠡᠨ ᠤ  ᠵᠦᠢᠯᠡᠰ ᠢ ᠭᠦᠢᠴᠡᠳᠭᠡᠬᠦ ᠶᠠᠪᠤᠴᠠ᠂ ᠬᠡᠷᠡᠭᠰᠡᠬᠦ  ᠵᠦᠢᠯ ᠵᠢᠴᠢ ︽ ᠰᠤᠪᠠᠭ︾ ᠤᠨ APP᠂ ᠨᠡᠷᠡᠨ ᠭᠡᠷᠡᠯᠲᠦ ᠭᠤᠷᠪᠠᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠵᠡᠷᠭᠡ ᠰᠦᠯᠵᠢᠶᠡᠨ ᠤ ᠲᠠᠪᠴᠠᠩ ᠪᠠ ᠬᠠᠪᠰᠤᠷᠤᠨ ᠭᠦᠢᠴᠡᠳᠭᠡᠬᠦ ᠣᠷᠣᠯᠠᠨ  ᠭᠦᠢᠴᠡᠳᠭᠡᠬᠦ ᠦᠢᠯᠡᠴᠢᠯᠡᠭᠡᠨ ᠤ ᠲᠣᠭᠲᠠᠴᠠ ᠶᠢᠨ ᠬᠡᠷᠡᠭᠯᠡᠯᠲᠡ ᠶᠢ ᠪᠠᠭᠲᠠᠭᠠᠵᠤ᠂ ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠠᠵᠢᠯᠯᠠᠭᠠᠨ ᠢ ᠠᠬᠢᠭᠤᠯᠤᠨ᠎ᠠ᠃       ᠺᠠᠶ ᠨᠠᠨ ᠴᠢᠬᠤᠯᠠᠴᠢᠯᠠᠬᠤ ᠳᠠᠭᠠᠨ᠂ ᠨᠢᠭᠡ ᠳᠤ  ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂  ᠵᠦᠢᠯᠡᠰ ᠤᠨ ᠨᠠᠷᠢᠨ ᠲᠠᠩᠰᠠ ᠶᠢᠨ ᠶᠣᠰᠣᠭᠠᠷ ᠦᠢᠯᠡᠴᠢᠯᠡᠭᠡᠨ ᠤ ᠵᠦᠭᠯᠡᠭᠦᠷ ᠪᠠ ᠬᠡᠷᠡᠭ ᠭᠦᠢᠴᠡᠳᠭᠡᠬᠦ ᠴᠤᠪᠤᠷᠠᠯ ᠢ  ᠵᠦᠢᠯ ᠳᠠᠷᠠᠭᠠᠯᠠᠨ ᠡᠮᠬᠢᠯᠡᠨ ᠲᠣᠳᠣᠷᠬᠠᠶᠢᠯᠠᠵᠤ᠂  ᠦᠢᠯᠡᠴᠢᠯᠡᠭᠡᠨ ᠤ  ᠵᠦᠢᠯᠡᠰ ᠤᠨ ᠡᠮᠬᠢᠳᠬᠡᠯ ᠢ ᠨᠠᠶᠢᠷᠠᠭᠤᠯᠤᠨ ᠵᠣᠬᠢᠶᠠᠵᠤ᠂ ᠨᠠᠷᠢᠨ ᠲᠠᠩᠰᠠ ᠶᠢ ᠴᠢᠩᠭ᠎ᠠ ᠵᠢᠷᠤᠮᠯᠠᠨ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠶᠣᠰᠣ ᠲᠦᠷᠢᠮ ᠶᠣᠰᠣᠭᠠᠷ ᠠᠵᠢᠯᠯᠠᠬᠤ ᠬᠡᠷᠡᠭᠲᠡᠶ  ᠃  ᠬᠤᠶᠠᠷ ᠲᠤ᠂ ᠡᠯ᠎ᠡ ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠨᠢ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂  ᠦᠢᠯᠡᠴᠢᠯᠡᠭᠡᠨ ᠤ ᠵᠠᠭᠪᠤᠷ ᠢ ᠨᠢᠭᠡᠳᠬᠡᠵᠦ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠲᠣᠭᠲᠠᠴᠠ ᠶᠢ ᠭᠤᠤᠯᠳᠠᠯᠭ᠎ᠠ ᠲᠠᠢ ᠰᠠᠶᠢᠲᠤᠷ ᠪᠠᠳᠠᠷᠠᠭᠤᠯᠵᠤ᠂ ᠪᠠᠷᠢᠮᠵᠢᠶᠠᠵᠢᠭᠰᠠᠨ᠂ ᠵᠢᠷᠤᠮᠵᠢᠭᠰᠠᠨ ᠠᠵᠢᠯᠯᠠᠭᠠᠨ ᠢ ᠪᠦᠬᠦᠨ ᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ︽ ᠰᠣᠪᠠᠭ︾ ᠤᠨ APP ᠶᠢ ᠳᠡᠩᠰᠡᠯᠡᠨ ᠬᠡᠷᠡᠭᠯᠡᠬᠦ ᠶᠢ ᠦᠷᠭᠦᠯᠵᠢᠯᠡᠨ ᠤᠬᠠᠭᠤᠯᠤᠨ ᠳᠡᠯᠭᠡᠷᠡᠭᠦᠯᠬᠦ ᠶᠢᠨ ᠬᠠᠮᠲᠤ ︽ᠨᠡᠷᠡᠨ ᠭᠡᠷᠡᠯᠲᠦ ᠭᠤᠷᠪᠠᠨ ᠶᠠᠪᠤᠳᠠᠯ ᠤᠨ  ᠦᠢᠯᠡᠴᠢᠯᠡᠭᠡᠨ ᠤ ᠰᠢᠰᠲ᠋ᠧᠮ︾ ︽ᠸᠢᠴᠠᠲ ᠤᠨ ᠵᠢᠵᠢᠭ ᠫᠷᠤᠭ᠍ᠷᠠᠮ︾ ᠵᠡᠷᠭᠡ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ  ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠰᠦᠯᠵᠢᠶᠡᠨ ᠳᠡᠭᠡᠷᠡᠬᠢ ᠪᠠ ᠰᠦᠯᠵᠢᠶᠡᠨ  ᠳᠣᠣᠷᠠᠬᠢ︾ ᠶᠢ ᠨᠢᠭᠡ ᠴᠤᠭᠴᠠᠵᠢᠭᠤᠯᠤᠭᠰᠠᠨ  ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠬᠤ ᠬᠡᠷᠡᠭᠲᠡᠶ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠳᠠᠭᠤᠷ ᠦᠨᠳᠦᠰᠦᠲᠡᠨ ᠤ ᠰᠢᠶᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ ᠲᠥᠪ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠭᠡ ᠲᠣᠰᠬᠤᠨ ᠤ ᠬᠤᠶᠠᠷ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠣᠯᠭᠠᠯᠴᠠᠭ᠎ᠠ ᠶᠢ ᠨᠠᠩ ᠤᠷᠤᠭᠰᠢᠲᠠᠶ ᠪᠣᠯᠭᠠᠵᠤ᠂ ᠨᠠᠮ ᠤᠨ ᠭᠡᠰᠢᠭᠦᠨ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ  ᠦᠢᠯᠡᠴᠢᠯᠡᠭᠡ ᠬᠠᠩᠭᠠᠭᠰᠠᠨ ᠪᠠᠶᠢᠨ᠎ᠠ᠃    ᠬᠤᠷᠠᠯ ᠠᠴᠠ ᠪᠠᠰᠠ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号