ᠵᠠᠰᠠᠭ ᠤᠨ ᠶᠠᠪᠤᠳᠠᠯ ᠤᠨ ᠴᠣᠩᠬᠤᠨ ᠤ ᠲᠤᠬᠠᠶᠢᠯᠠᠭᠰᠠᠨ ᠠᠵᠢᠯ ᠦᠢᠯᠡᠴᠢᠯᠡᠭᠡᠨ ᠤ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠴᠣᠩᠬᠤᠨ ᠤ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠂ ᠴᠣᠩᠬᠤᠨ ᠤ ᠦᠢᠯᠡᠴᠢᠯᠡᠭᠡᠨ ᠤ ᠳᠦᠷᠢ ᠲᠥᠷᠬᠦ ᠶᠢ ᠱᠤᠭᠤᠵᠤ᠂ ᠴᠣᠩᠬᠤᠨ ᠤ ᠦᠢᠯᠡᠴᠢᠯᠡᠭᠡᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ | ᠰᠢᠨ᠎ᠡ ᠴᠠᠭ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠠᠵᠢᠯᠲᠠᠨ ᠪᠣᠯᠵᠣ ᠨᠡᠶᠢᠭᠡᠮ ᠤᠨ ᠪᠠᠲᠤᠯᠠᠭ᠎ᠠ ᠶᠢᠨ ᠰᠢᠨ᠎ᠡ | ᠬᠡᠪ ᠰᠤᠷᠲᠠᠯ ᠢ ᠪᠣᠶ ᠪᠣᠯᠭᠠᠬᠤ︾ ᠦᠢᠯᠡᠴᠢᠯᠡᠭᠡᠨ ᠤ ᠪᠣᠯᠪᠠᠰᠣᠷᠠᠭᠤᠯᠣᠯ ᠢ ᠡᠷᠬᠢᠯᠡᠪᠡ᠃ | | ᠪᠣᠯᠪᠠᠰᠤᠷᠠᠯ ᠨᠢ ︽ᠶᠠᠭᠤ ᠶᠢ ᠶᠣᠰᠣ ᠵᠢᠷᠤᠮ ᠭᠡᠬᠦ︾ ᠶᠢᠨ ᠲᠣᠭᠤᠷᠢᠨ ᠳᠤ᠂ ᠴᠣᠩᠬᠤᠪᠴᠢ ᠶᠢᠨ | ᠦᠢᠯᠡᠴᠢᠯᠡᠭᠡᠨ ᠤ ᠠᠵᠢᠯ ᠤᠨ ᠨᠡᠶᠢᠭᠡᠮ ᠳᠤ ᠬᠠᠨᠳᠤᠭᠤᠯᠤᠭᠰᠠᠨ᠂ ᠣᠯᠠᠨ ᠲᠦᠮᠡᠨ ᠳᠤ ᠬᠠᠨᠳᠤᠭᠤᠯᠤᠭᠰᠠᠨ | ᠣᠨᠴᠠᠯᠢᠭ ᠲᠤ ᠴᠢᠭᠯᠡᠭᠦᠯᠦᠨ᠂ ᠵᠢᠷᠤᠭ ᠪᠢᠴᠢᠭ ᠢ ᠬᠤᠣᠰᠯᠠᠭᠤᠯᠤᠭᠰᠠᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠣᠰᠣ ᠵᠢᠷᠤᠮ ᠤᠨ ᠠᠭᠤᠯᠤᠭᠳᠠᠬᠤᠨ᠂ | ᠴᠣᠩᠬᠤᠪᠴᠢ ᠶᠢᠨ ᠦᠢᠯᠡᠴᠢᠯᠡᠭᠡᠨ ᠤ ᠳᠦᠷᠢ ᠲᠥᠷᠬᠦ ᠶᠢᠨ ᠵᠢᠷᠤᠮᠵᠢᠯ᠂ ᠦᠢᠯᠡᠴᠢᠯᠡᠭᠡᠨ ᠤ ᠶᠣᠰᠣ ᠵᠢᠷᠤᠮ ᠤᠨ | ᠦᠢᠯᠡ ᠠᠵᠢᠯᠯᠠᠭ᠎ᠠ ᠶᠢᠨ ᠵᠢᠷᠤᠮᠵᠢᠯ ᠵᠡᠷᠭᠡ ᠲᠠᠯ᠎ᠠ ᠪᠠᠷ ᠲᠤᠬᠠᠶ ᠶᠢᠨ ᠲᠠᠯᠠᠪᠤᠷ ᠲᠤ ᠭᠦᠨᠵᠡᠭᠡᠶ ᠪᠥᠭᠡᠳ | ᠣᠶᠢᠯᠠᠭᠠᠮᠵᠢᠲᠠᠶ ᠲᠠᠶᠢᠯᠤᠮᠵᠢ ᠬᠢᠵᠦ᠂ ᠲᠤᠬᠠᠶ ᠶᠢᠨ ᠲᠠᠯᠠᠪᠤᠷ ᠤᠨ ᠬᠠᠷᠢᠯᠴᠠᠨ ᠦᠢᠯᠡᠳᠦᠯᠴᠡᠬᠦ ᠶᠢ ᠨᠡᠮᠡᠭᠳᠡᠭᠦᠯᠬᠦ ᠵᠡᠷᠭᠡ | ᠭᠤᠭᠴᠤᠭ᠎ᠠ ᠪᠠᠷ ᠳᠠᠮᠵᠢᠭᠤᠯᠤᠨ᠂ ᠣᠯᠠᠨ ᠢ ᠪᠣᠳᠠᠲᠠᠶ ᠪᠠᠶᠢᠳᠠᠯ ᠳᠤᠨᠢ ᠣᠷᠣᠭᠤᠯᠵᠤ᠂ ᠪᠣᠯᠪᠠᠰᠤᠷᠠᠭᠤᠯᠤᠯ ᠤᠨ ᠦᠷ᠎ᠡ | ᠪᠦᠲᠦᠮᠵᠢ ᠶᠢ ᠴᠢᠩᠭᠠᠳᠬᠠᠪᠠ᠃ | | | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠠᠵᠢᠯᠲᠠᠳ ᠦᠢᠯᠡᠴᠢᠯᠡᠭᠡᠨ ᠤ ᠵᠢᠷᠤᠮᠵᠢᠯ᠂ | ᠨᠡᠪᠲᠡᠷᠡᠯᠴᠡᠬᠦ ᠤᠷ᠎ᠠ ᠮᠡᠷᠭᠡᠵᠢᠯ ᠵᠡᠷᠭᠡ ᠲᠠᠯ᠎ᠠ ᠪᠠᠷ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠵᠠᠶ᠂ | ᠬᠤᠶᠢᠰᠢᠳᠠ ᠪᠣᠯᠪᠠᠰᠤᠷᠠᠭᠤᠯᠤᠯ ᠤᠨ ᠮᠡᠳᠡᠯᠭᠡ ᠶᠢ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠰᠤᠷᠤᠯᠴᠠᠬᠤ ᠪᠠ | ᠬᠢᠬᠦ ᠶᠢ ᠤᠶᠠᠯᠳᠤᠭᠤᠯᠤᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠦᠢᠯᠡᠳᠦᠯᠭᠡᠵᠢᠭᠦᠯᠵᠦ᠂ | ᠴᠣᠩᠬᠤᠪᠴᠢ ᠳᠤ ᠰᠠᠭᠤᠷᠢᠯᠠᠨ᠂ ᠠᠷᠠᠳ ᠤᠨ ᠠᠮᠢᠳᠤᠷᠠᠯ ᠳᠤ ᠦᠢᠯᠡᠴᠢᠯᠡᠵᠦ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠵᠤ᠂ | ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ | ᠠᠬᠢᠭᠤᠯᠤᠨ᠎ᠠ ᠭᠡᠵᠦ ᠢᠯᠡᠷᠬᠡᠶᠢᠯᠡᠵᠡᠭᠡᠵᠡᠢ᠃ | |