ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠮᠦᠽᠧᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/8/13
   
        8 ᠰᠠᠷ᠎ᠠ ᠶᠢᠨ 12      ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠪᠦᠯᠬᠦᠮ ᠳᠠᠭᠠᠭᠤᠯᠤᠨ ᠪᠥᠬᠦ ᠬᠤᠲᠠ ᠶᠢᠨ ᠮᠦᠽᠧᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ᠂ ᠬᠤᠲᠠ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠵᠣᠬᠢᠶᠠᠬᠤ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠭᠦᠨᠵᠡᠭᠡᠶ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠤᠳᠤᠷᠢᠳᠤᠯᠭ᠎ᠠ ᠯᠢ  ᠱᠦ᠋ ᠶᠠᠨ᠂ ᠢᠦᠢ ᠫᠢᠩ᠂ ᠸᠠᠩ ᠪᠥᠸᠧ᠂ ᠦ᠋ ᠴᠧᠨ ᠳ᠋ᠦᠩ᠂ ᠯᠢᠦ ᠭᠦᠸᠧ ᠬᠤᠸᠠ᠂ ᠮᠧᠩ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠶᠤᠸᠠᠢ ᠭᠦᠸᠧ ᠳ᠋ᠦᠩ ᠨᠡᠷ ᠤᠷᠢᠳ ᠬᠤᠵᠢᠳ ᠰᠡᠬᠡᠭᠡᠲᠡᠨ ᠵᠠᠯᠠᠭᠤᠴᠤᠳ ᠤᠨ ᠮᠦᠽᠧᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠵᠡᠭᠦᠯᠦᠯᠭᠡ ᠶᠢᠨ ᠣᠷᠳᠣᠨ᠂ ᠤᠯᠠᠭᠠᠨᠮᠥ᠋ᠴᠢᠷ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠲᠡᠷᠡ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠮᠦᠽᠧᠢ ᠶᠢᠨ ᠪᠦᠳᠦᠬᠡᠨ ᠪᠠᠶᠢᠭᠤᠯᠤᠯᠲᠠ᠂ ᠤᠯᠠᠭᠠᠨᠮᠥ᠋ᠴᠢᠷ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠠᠢ᠃ ᠶᠤᠸᠠᠢ ᠭᠦᠸᠧ ᠳ᠋ᠦᠩ᠂ ᠰᠣᠶᠣᠯ ᠪᠣᠯ ᠦᠨᠳᠦᠰᠦ ᠰᠠᠭᠤᠷᠢ᠂ ᠠᠮᠢᠨ ᠰᠤᠳᠠᠰᠤ ᠮᠥᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠣᠶᠣᠯ ᠤᠨ ᠤᠯᠠᠮᠵᠢᠯᠠᠯ ᠪᠣᠯᠤᠨ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠴᠢᠭᠯᠡᠯ ᠢ ᠭᠦᠨᠵᠡᠭᠡᠢ ᠰᠤᠳᠤᠯᠵᠤ ᠂ ᠮᠠᠨ ᠤ ᠬᠤᠳᠠ ᠶᠢᠨ ᠲᠡᠦᠬᠡ ᠰᠣᠶᠣᠯ᠂ ᠣᠷᠣᠨ ᠪᠦᠰᠡ ᠶᠢᠨ ᠳᠠᠪᠠᠭᠤᠯᠢᠭ ᠢ ᠪᠠᠳᠠᠷᠠᠭᠤᠯᠵᠤ᠂ ᠤᠨᠴᠠᠯᠢᠬᠳᠤ ᠰᠣᠶᠣᠯ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠢᠯᠡᠳᠬᠡᠪᠡ᠃      ᠶᠤᠸᠠᠢ ᠭᠦᠸᠧ ᠳ᠋ᠦᠩ ᠴᠢᠬᠤᠯᠠᠴᠢᠯᠠᠬᠤ ᠳᠠᠭᠠᠨ᠂ ᠮᠠᠨ ᠤ ᠬᠤᠲᠠ ᠶᠢᠨ ᠤᠨᠴᠠᠯᠢᠬᠳᠤ ᠰᠣᠶᠣᠯ ᠤᠨ ᠡᠯᠧᠮᠧᠨ᠋ᠲ ᠢ ᠭᠦᠨᠵᠡᠭᠡᠶ ᠠᠭᠤᠳᠠᠯᠵᠤ᠂ ᠰᠣᠶᠣᠯ ᠦᠵᠡᠰᠬᠦᠯᠡᠩ ᠤᠨ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠤᠯᠠᠮᠵᠢᠯᠠᠨ ᠵᠠᠯᠭᠠᠮᠵᠢᠯᠠᠬᠤ ᠳᠤ ᠬᠦᠴᠦ ᠣᠷᠣᠭᠤᠯᠵᠤ᠂ ᠪᠠᠳᠠᠷᠠᠭᠤᠯᠤᠨ ᠳᠡᠯᠭᠡᠷᠡᠭᠦᠯᠬᠦ ᠲᠠᠯ᠎ᠠ ᠪᠠᠷ ᠲᠠᠷᠢᠬᠢ ᠪᠠᠨ ᠢᠯᠡᠭᠦᠬᠡᠨ ᠬᠥᠳᠡᠯᠭᠡᠵᠦ᠂ ᠬᠥᠭᠵᠢᠯᠲᠡ ᠶᠢᠨ ᠲᠠᠯ᠎ᠠ ᠪᠠᠷ ᠰᠠᠶᠢᠲᠤᠷ ᠬᠦᠴᠦ ᠣᠷᠣᠭᠤᠯᠵᠤ᠂ ᠮᠠᠨ ᠤ ᠬᠤᠲᠠ ᠶᠢᠨ ︽ᠰᠣᠶᠣᠯ ᠤᠨ ᠨᠡᠷ᠎ᠡ ᠶᠢᠨ ᠬᠠᠭᠤᠳᠠᠰᠤ︾ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠠᠵᠢᠯ ᠤᠨ ᠰᠡᠳᠬᠢᠴᠡ ᠪᠠᠨ ᠥᠷᠭᠡᠳᠬᠡᠵᠦ᠂ ᠲᠤᠰᠬᠠᠶ ᠮᠡᠷᠭᠡᠵᠢᠯᠲᠡᠨ ᠢ ᠤᠷᠢᠵᠤ ᠵᠢᠭᠠᠨ ᠵᠢᠯᠣᠭᠤᠳᠣᠭᠤᠯᠵᠤ᠂ ᠮᠠᠨ ᠤ ᠬᠤᠲᠠ ᠶᠢᠨ ᠰᠣᠶᠣᠯ ᠤᠨ ᠲᠥᠷᠥᠯ ᠵᠦᠢᠯ ᠢ ᠬᠢᠨᠠᠮᠠᠭᠠᠶ ᠡᠮᠬᠢᠯᠡᠨ ᠳ᠋ᠦᠩᠨᠡᠵᠦ᠂ ᠳᠤᠮᠳᠠ ᠠᠴᠠ ᠨᠢ ︽ᠵᠠᠯᠠᠨ ᠤ ᠵᠣᠷᠢᠭ ᠰᠠᠨᠠᠭ᠎ᠠ︾ ᠶᠢ ᠪᠣᠯᠪᠠᠰᠤᠷᠠᠭᠤᠯᠵᠤ᠂ ︽ᠰᠣᠶᠣᠯ ᠢᠶᠠᠷ ᠬᠥᠮᠦᠨ ᠢ ᠬᠥᠮᠦᠵᠢᠭᠦᠯᠬᠦ︾ ᠴᠢᠳᠠᠮᠵᠢ ᠶᠢ ᠦᠨᠡᠨᠬᠦ ᠰᠠᠶᠢᠲᠤᠷ ᠪᠠᠳᠠᠷᠠᠭᠤᠯᠵᠤ᠂ ᠮᠠᠨ ᠤ ᠬᠤᠲᠠ ᠶᠢᠨ ᠡᠯ᠎ᠡ  ᠵᠦᠢᠯ ᠤᠨ ᠠᠵᠢᠯ  ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠰᠣᠶᠣᠯ ᠦᠵᠡᠰᠬᠦᠯᠡᠩ ᠤᠨ ᠠᠵᠢᠯ ᠢ ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭ ᠲᠠᠢ ︽ᠮᠦᠽᠧᠢ ᠶᠢᠨ ᠬᠤᠳᠠ︾ ᠶᠢ ᠪᠠᠶᠢᠭᠤᠯᠵᠤ᠂ ᠢᠵᠢ ᠪᠦᠷᠢᠳᠦᠭᠰᠡᠨ ᠲᠥᠬᠦᠭᠡᠷᠦᠮᠵᠢ ᠶᠢ ᠢᠳᠡᠪᠬᠢᠲᠡᠢ ᠰᠡᠯᠪᠢᠨ ᠵᠠᠰᠠᠵᠤ᠂ ᠳᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠭᠵᠢᠭᠤᠯᠵᠤ᠂ ᠮᠦᠽᠧᠢ ᠶᠢᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠡᠵᠡᠩᠨᠡᠯᠲᠡ ᠶᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠠᠮᠠᠭᠠᠯᠠᠵᠤ ᠤᠯᠠᠮᠵᠢᠯᠠᠬᠤ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠬᠤ︾ ᠶᠢ ᠠᠬᠢᠭᠤᠯᠵᠤ᠂ ᠬᠤᠳᠠ ᠶᠢᠨ ᠨᠥᠯᠥᠭᠡᠯᠡᠬᠦ ᠬᠦᠴᠦᠨ᠂ ᠠᠯᠳᠠᠷᠰᠢᠯ ᠪᠣᠯᠤᠨ ᠨᠡᠷ᠎ᠡ ᠠᠯᠳᠠᠷᠰᠢᠯ ᠤᠨ  ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠰᠤᠷᠤᠯᠴᠠᠨ ᠲᠣᠯᠢ ᠪᠣᠯᠭᠠᠵᠤ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠨ᠂ ᠣᠷᠣᠨ ᠨᠤᠲᠤᠭ ᠤᠨ ᠲᠡᠤᠬᠡ ᠰᠣᠶᠣᠯ ᠤᠨ ᠣᠨᠴᠠᠯᠢᠭ ᠲᠠᠢ ᠰᠣᠳᠣᠨ ᠵᠦᠴᠦᠭᠡ ᠶᠢ ᠨᠠᠷᠢᠯᠢᠬᠵᠢᠭᠤᠯᠵᠤ᠂ ᠴᠢᠨᠠᠷ ᠰᠠᠶᠢᠲᠠᠶ ᠡᠭᠦᠳᠦᠨ ᠪᠦᠲᠦᠭᠡᠵᠦ᠂ ︽ᠵᠠᠯᠠᠨ︾ ᠤ ᠥᠯᠢᠭᠡᠷ ᠢ  ᠰᠠᠶᠢᠲᠤᠷ ᠶᠠᠷᠢᠵᠤ᠂ ︽ᠰᠣᠶᠣᠯ +︾ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠬᠤ ᠠᠵᠤ  ᠦᠢᠯᠡᠰ ᠤᠨ  ᠰᠢᠰᠲ᠋ᠧᠮ ᠶᠢ ᠬᠦᠴᠦᠯᠡᠨ ᠪᠠᠶᠢᠭᠤᠯᠵᠤ᠂ ᠰᠢᠨ᠎ᠡ ᠬᠡᠪ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠬᠥᠲᠥᠯᠦᠨ ᠳᠠᠭᠠᠭᠤᠯᠵᠤ᠂ ᠵᠠᠯᠠᠨ ᠠᠶᠢᠯ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠲᠤᠷ ᠡᠬᠢᠯᠡᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号