ᠵᠠᠯᠠᠨ ᠠᠶᠢᠯ ᠬᠤᠲᠠ  ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ  ᠲᠠᠲᠠᠪᠤᠷᠢᠯᠠᠨ ᠲᠣᠬᠢᠷᠠᠭᠤᠯᠬᠤ ᠲᠤᠰᠠᠭᠠᠷᠯᠠᠬᠤ ᠲᠠᠯᠠᠪᠤᠷ ᠤᠨ ᠳᠠᠶᠢᠴᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/8/13
   
      ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂  ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠴᠡᠭ  ᠤᠨ ᠨᠥᠭᠡᠴᠡ ᠭᠦᠢᠴᠡᠳ ᠪᠠᠶᠢᠬᠤ  ᠶᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 11      ᠤ ᠡᠳᠦᠷ᠂ ᠮᠠᠨ ᠤ ᠬᠤᠲᠠ  ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠲᠠᠪᠤᠷᠢᠯᠠᠨ ᠲᠣᠬᠢᠷᠠᠭᠤᠯᠬᠤ ᠲᠤᠰᠠᠭᠠᠷᠯᠠᠬᠤ ᠲᠠᠯᠠᠪᠤᠷ ᠤᠨ ᠳᠠᠶᠢᠴᠢᠯᠠᠯᠲᠠ ᠶᠢᠨ ᠬᠤᠷᠠᠯ  ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ ᠬᠤᠷᠠᠯ ᠳᠤ ᠣᠷᠣᠯᠴᠠᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠪᠥᠬᠦ ᠬᠤᠲᠠ ᠶᠢᠨ 20 ᠭᠠᠷᠤᠶ ᠵᠣᠴᠢᠳ ᠤᠨ ᠪᠠᠭᠤᠳᠠᠯ  ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠦᠬᠦ  ᠤᠯᠤᠰ  ᠲᠤ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠵᠦ᠂ ᠰᠡᠷᠭᠡᠶᠢᠯᠡᠨ ᠬᠢᠵᠠᠭᠠᠷᠯᠠᠬᠤ ᠬᠡᠯᠪᠡᠷᠢ ᠲᠦᠢᠯ ᠤᠨ ᠬᠦᠨᠳᠦ ᠨᠣᠴᠢᠲᠠᠶ ᠪᠠᠶᠢᠨ᠎ᠠ᠃ ᠰᠢᠨ᠎ᠡ ᠲᠢᠲᠢᠮᠲᠦ ᠠᠭᠤᠰᠬᠢᠨ ᠦᠷᠪᠢᠰᠦᠯ  ᠤᠨ  ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ  ᠢ ᠰᠢᠢᠳᠪᠦᠷᠢᠯᠡᠬᠦ ᠵᠢᠭᠠᠯᠲᠠ ᠶᠢᠨ ᠲᠣᠭᠲᠠᠭᠠᠯ ᠶᠣᠰᠣᠭᠠᠷ᠂ ᠮᠠᠨ ᠤ ᠬᠤᠲᠠ 600 — 800 ᠲᠠᠰᠤᠯᠭ᠎ᠠ ᠲᠤᠰᠠᠭᠠᠷᠯᠠᠬᠤ ᠥᠷᠥᠭᠡ ᠨᠥᠭᠡᠴᠡᠯᠡᠵᠦ᠂ ᠶᠡᠭᠡ ᠬᠡᠪᠴᠢᠶᠡᠨ ᠤ ᠬᠥᠮᠦᠰ ᠤᠨ ᠲᠤᠰᠠᠭᠠᠷᠯᠠᠬᠤ ᠬᠡᠷᠡᠭᠴᠡᠭᠡ ᠶᠢ ᠠᠷᠭᠠᠴᠠᠬᠤ ᠳᠤ ᠲᠥᠬᠦᠮ ᠦᠵᠡᠭᠦᠯᠪᠡᠯ ᠵᠣᠬᠢᠨ᠎ᠠ᠃ ᠪᠥᠬᠦ ᠬᠤᠲᠠ ᠶᠢᠨ ᠬᠡᠪᠴᠢᠶ᠎ᠡ ᠪᠠᠷ ᠨᠡᠯᠢᠶᠡᠳ ᠶᠡᠭᠡ ᠵᠣᠴᠢᠳ ᠤᠨ ᠪᠠᠭᠤᠳᠠᠯ ᠦᠳᠲᠡᠷ ᠲᠦᠷᠭᠡᠨ ᠨᠦᠬᠡᠴᠡ ᠲᠤᠰᠠᠭᠠᠷᠯᠠᠬᠤ ᠴᠡᠭ ᠤᠨ ᠵᠠᠭᠪᠤᠷ   ᠲᠤ  ᠣᠷᠣᠵᠤ᠂ ᠡᠳ᠋ ᠪᠣᠳᠠᠰ ᠨᠥᠭᠡᠴᠡᠯᠡᠬᠦ᠂ ᠬᠡᠷ ᠪᠠᠶᠢᠰᠢᠩ ᠨᠥᠭᠡᠴᠡᠯᠡᠬᠦ ᠵᠡᠷᠭᠡ ᠲᠤᠰᠠᠭᠠᠷᠯᠠᠬᠤ ᠲᠠᠯᠠᠪᠤᠷ ᠤᠨ ᠬᠠᠮᠢᠶ᠎ᠠ ᠪᠥᠬᠦᠶ ᠪᠡᠯᠡᠳᠬᠡᠯ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠲᠣᠳᠣᠷᠬᠠᠢ ᠲᠠᠨᠢᠵᠤ᠂ ᠮᠠᠨ ᠤ ᠬᠤᠳᠠ ᠬᠥᠯᠥᠨ ᠪᠤᠶᠢᠷ ᠣᠷᠣᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠤᠭᠰᠠᠨ ᠤ ᠬᠤᠪᠢ ᠳᠤ᠂ ᠬᠥᠮᠦᠰ ᠤᠨ ᠰᠢᠯᠵᠢᠯᠲᠡ ᠨᠡᠯᠢᠶᠡᠳ ᠶᠡᠭᠡ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠠᠶᠢᠨ᠎ᠠ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠬᠤᠪᠢᠶᠠᠷᠢᠯᠠᠨ ᠲᠣᠭᠲᠠᠭᠠᠵᠤ᠂  ᠲᠤᠰᠠᠭᠠᠷᠯᠠᠬᠤ  ᠪᠠᠷᠢᠮᠵᠢᠶ᠎ᠠ ᠱᠠᠭᠠᠷᠳᠠᠯᠭ᠎ᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠡᠷᠡᠰ ᠨᠢᠭᠡᠳᠦᠯᠲᠡᠶ ᠲᠥᠯᠥᠪᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠵᠣᠴᠢᠳ ᠤᠨ ᠪᠠᠭᠤᠳᠠᠯ  ᠤᠨ ᠡᠬᠢ ᠪᠠᠶᠠᠯᠢᠭ ᠢ  ᠭᠦᠢᠴᠡᠳ ᠡᠮᠬᠢᠯᠡᠨ ᠨᠡᠶᠢᠯᠡᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂  ᠤᠶᠢᠯᠡᠳᠤᠯ ᠢ ᠨᠢ ᠪᠠᠳᠠᠷᠠᠭᠤᠯᠬᠤ ᠬᠡᠷᠡᠭᠲᠡᠶ᠃ ᠪᠠᠴᠢᠮ ᠪᠠᠶᠢᠳᠠᠯ ᠡᠭᠦᠰᠬᠦ ᠳᠤ ᠬᠦᠷᠪᠡᠯ᠂ ᠡᠷᠬᠡᠪᠰᠢ ᠲᠤᠰᠠᠭᠠᠷᠯᠠᠭᠰᠠᠨ ᠬᠥᠮᠦᠰ ᠢ ᠪᠦᠲᠦᠮᠵᠢᠲᠡᠢ ᠲᠥᠪᠬᠢᠨᠡᠭᠦᠯᠵᠦ᠂ ᠪᠦᠲᠦᠮᠵᠢᠲᠡᠢ ᠬᠠᠮᠢᠶᠠᠷᠤᠨ ᠡᠵᠡᠮᠳᠡᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠬᠤᠳᠠ ᠶᠢᠨ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠵᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号