ᠸᠠ ᠳ᠋ᠢ ᠰᠢᠶᠠᠩ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ ᠵᠠᠯᠠᠭᠤ ᠨᠠᠰᠤᠨ ᠤ ᠡᠭᠦᠷᠭᠡᠯᠡᠯ ᠢ ᠭᠦᠢᠴᠡᠳ ᠬᠠᠷᠠᠭᠤᠯᠤᠨ᠎ᠠ
ᠨᠡᠶᠢᠲᠡᠯᠡᠭᠰᠡᠨ ᠴᠠᠭ᠄
2021/8/16
        ᠪᠦᠬᠦ ᠰᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠡᠷᠡᠮ ᠢ ᠪᠠᠬᠢᠵᠢᠭᠦᠯᠬᠦ ᠶᠢᠨ ᠲᠥᠯᠥᠭᠡ᠂ ᠸᠠ ᠳ᠋ᠢ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠵᠤ᠂ ᠤᠶᠤᠲᠠᠳ ᠲᠤ ᠬᠠᠨᠳᠤᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠡᠯᠰᠡᠬᠦ ᠵᠠᠷᠯᠢᠭ ᠪᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠶᠤᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ ᠰᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠳᠠᠶᠢᠨ ᠤ ᠲᠠᠯᠠᠪᠤᠷ ᠲᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠪᠡ᠃       ᠡᠯ᠎ᠡ ᠲᠣᠰᠬᠤᠨ ᠤ ᠬᠢᠵᠢᠭ ᠢ ᠰᠡᠷᠭᠡᠶᠢᠯᠡᠬᠦ ᠦᠷᠳᠡᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠵᠤ᠂ ᠵᠠᠯᠠᠭᠤ ᠨᠠᠰᠤᠨ ᠤ ᠬᠦᠴᠦᠨ ᠢ ᠨᠢᠭᠲᠠᠷᠠᠭᠤᠯᠵᠠᠢ᠃ ᠥᠷᠯᠥᠭᠡ ᠦᠳᠡᠰᠢ ᠭᠡᠰᠡᠨ ᠥᠬᠡᠶ᠂ ᠲᠤᠩᠭᠠᠯᠠᠭ ᠡᠳᠦᠷ  ᠪᠣᠷᠣᠭᠠᠨ ᠲᠠᠢ ᠡᠳᠦᠷ ᠭᠡᠰᠡᠨ ᠥᠬᠡᠶ᠂ ᠲᠠᠳᠠ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠥᠷᠲᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠣᠷᠣᠵᠤ ᠭᠠᠷᠬᠤ ᠬᠥᠮᠦᠰ᠂ ᠲᠡᠷᠭᠡ ᠬᠥᠰᠬᠡ ᠳᠤ  ᠰᠠᠭᠤᠭ᠎ᠠ ᠬᠦᠮᠦᠰ  ᠤᠨ ᠳᠤᠯᠠᠭᠠᠨ ᠤ ᠬᠡᠮᠵᠢᠶ᠎ᠡ ᠶᠢ ᠬᠡᠮᠵᠢᠨ᠂  ᠺᠣᠳ᠋ ᠰᠢᠷᠪᠢᠵᠦ᠂ ᠳᠡᠩᠰᠡᠯᠡᠨ ᠲᠡᠮᠳᠡᠭᠯᠡᠬᠦ ᠶᠢᠨ ᠬᠠᠮᠲᠤ ᠣᠯᠠᠨ ᠲᠦᠮᠡᠨ ᠳᠤ ᠬᠢᠵᠢᠭ ᠢ ᠰᠡᠷᠭᠡᠶᠢᠯᠡᠬᠦ ᠳᠤ ᠠᠩᠬᠠᠷᠬᠤ  ᠵᠦᠢᠯᠡᠰ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠲᠠᠶᠢᠯᠪᠤᠷᠢᠯᠠᠨ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠴᠢᠷᠮᠠᠶᠢᠨ  ᠭᠦᠢᠴᠡᠳᠭᠡᠵᠡᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ᠂ ᠸᠠ ᠳ᠋ᠢ ᠰᠢᠶᠠᠩ ᠤᠨ  ᠣᠶᠣᠲᠠᠳ ᠰᠠᠶᠢᠨ ᠳᠤᠷ᠎ᠠ ᠶᠢᠨ ᠠᠵᠢᠯᠯᠠᠭᠴᠢᠳ ᠥᠪᠡᠷ ᠤᠨ ᠠᠮᠠᠷᠠᠯᠲᠠ ᠶᠢᠨ ᠬᠤᠭᠤᠴᠠᠭ᠎ᠠ ᠪᠠ ᠭᠡᠷ ᠤᠨ ᠬᠥᠮᠦᠰ ᠲᠠᠢ ᠪᠠᠨ ᠠᠭᠤᠯᠵᠠᠬᠤ ᠰᠠᠶᠢᠨ ᠰᠠᠶᠢᠬᠠᠨ ᠴᠠᠭ ᠮᠥᠴᠡ ᠪᠠᠨ ᠤᠷᠬᠢᠵᠤ᠂ ᠬᠠᠷᠢᠭᠤᠴᠠᠯᠭ᠎ᠠ ᠪᠠ  ᠡᠭᠦᠷᠭᠡᠯᠡᠯ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ  ᠬᠤᠪᠢ ᠨᠡᠮᠡᠷᠢ ᠦᠵᠡᠭᠦᠯᠪᠡ᠃ ᠲᠡᠳᠡ ᠡᠷᠡᠰ ᠰᠢᠭᠤᠷᠬᠠᠢ ᠪᠠᠷ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠳᠤ ᠦᠶ᠎ᠡ ᠶᠢᠨ  ᠰᠠᠶᠢᠨ ᠳᠤᠷ᠎ᠠ ᠶᠢᠨ  ᠵᠠᠯᠠᠭᠤᠴᠣᠳ ᠤᠨ ᠬᠠᠷᠢᠭᠤᠴᠠᠯᠭ᠎ᠠ ᠶᠢ ᠪᠢᠴᠢᠭᠯᠡᠵᠡᠢ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号